ᠲᠡᠳ᠋ ᠡᠷᠬᠢᠯᠡᠭᠴᠢ    ᠡᠤ ᠭᠤᠸᠠᠩ ᠹᠧᠩ
ᠨᠡᠶᠢᠲᠡᠯᠡᠭᠰᠡᠨ ᠴᠠᠭ᠄
2022/1/20
   ᠡᠤ ᠭᠤᠸᠠᠩ ᠹᠧᠩ᠂  ᠡᠷᠡᠭᠳᠡᠢ᠂ ᠬᠢᠳᠠᠳ ᠦᠨᠳᠦᠰᠦᠳᠡᠨ᠂  1972 ᠤᠨ ᠤ 9 ᠰᠠᠷ᠎ᠠ ᠳᠤ ᠲᠦᠷᠦᠪᠡ᠂  ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠭᠡᠰᠢᠬᠦᠨ᠃     ᠲᠠᠶᠢᠹᠤᠰᠧ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠶᠢᠯᠠᠩ ᠤᠨ ᠭᠡᠰᠢᠬᠦᠨ᠂  ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ᠃       ᠡᠷᠬᠢᠯᠡᠭᠴᠢ ᠶᠢ ᠬᠠᠪᠰᠤᠷᠤᠨ ᠲᠦᠰᠦᠪ ᠤᠨ ᠠᠵᠢᠯ ᠤᠨ ᠵᠦᠪᠯᠡᠯ ᠢ ᠬᠤᠪᠢᠳᠠᠨ ᠬᠠᠮᠢᠶᠠᠷᠴᠤ᠂ ᠡᠳ᠋ ᠤᠨ ᠵᠠᠰᠠᠭ ᠠᠵᠤ ᠠᠬᠤᠢ ᠶᠢᠨ ᠲᠤᠰᠬᠠᠢ ᠵᠥᠪᠯᠡᠯ᠂ ᠬᠢᠨᠠᠨ ᠪᠤᠳᠤᠬᠤ᠂ ᠬᠥᠭᠵᠢᠭᠦᠯᠦᠯᠲᠡ ᠥᠭᠡᠷᠡᠴᠢᠯᠡᠯᠲᠡ᠂ ᠠᠷᠠᠳ ᠤᠨ ᠠᠭᠠᠷ ᠎ ᠤᠨ ᠰᠡᠷᠭᠡᠶᠢᠯᠡᠯᠳᠡ᠂ ᠠᠵᠤ ᠦᠢᠯᠡᠳᠪᠦᠷᠢ ᠪᠠ ᠮᠡᠳᠡᠭᠡ ᠵᠠᠩᠬᠢᠵᠢᠯᠳᠠ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ᠂  ᠤᠷᠤᠨ ᠪᠦᠰᠡ ᠶᠢᠨ ᠠᠵᠤ ᠠᠬᠤᠢ ᠶᠢᠨ ᠬᠠᠮᠳᠤᠷᠠᠯᠴᠠᠭ᠎ᠠ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠮᠥᠩᠭᠦᠨ ᠭᠦᠢᠯᠭᠡᠭᠡ᠂ ᠳᠠᠭᠠᠳᠬᠠᠯ᠂ ᠲᠤᠭ᠎ᠠ ᠪᠦᠷᠢᠳᠬᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂  ᠪᠠᠶᠢᠭᠠᠯᠢ ᠶᠢᠨ ᠡᠬᠢ ᠪᠠᠶᠠᠯᠢᠭ᠂  ᠵᠠᠮ ᠬᠠᠷᠢᠯᠴᠠᠭ᠎ᠠ ᠲᠡᠭᠡᠭᠡᠪᠦᠷᠢ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠳᠠ ᠎ ᠶᠢᠨ ᠬᠠᠮᠢᠶᠠᠷᠤᠯᠳᠠ᠂   ᠬᠠᠩᠭᠠᠨ ᠪᠤᠷᠤᠯᠠᠭᠤᠯᠭ᠎ᠠ ᠵᠡᠷᠭᠡ ᠲᠠᠯ᠎ᠠ ᠶᠢᠨ ᠠᠵᠢᠯ ᠢ  ᠬᠠᠷᠢᠭᠤᠴᠠᠵᠤ᠂  ᠶᠦᠩ ᠹᠧᠩ ᠪᠠᠯᠭᠠᠰᠤ  ᠂  ᠴᠢᠶᠠᠨ ᠶᠢᠨ ᠭᠧᠦ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠵᠢᠭᠠᠨ ᠵᠢᠯᠤᠭᠤᠳᠬᠤ ᠶᠢᠨ ᠬᠠᠮᠳᠤ ᠡᠷᠬᠢᠯᠡᠭᠴᠢ ᠶᠢᠨ ᠲᠤᠰᠢᠶᠠᠭᠰᠠᠨ ᠪᠤᠰᠤᠳ ᠠᠵᠢᠯ ᠡᠬᠦᠷᠭᠡ ᠶᠢ ᠪᠡᠶᠡᠯᠡᠭᠦᠯᠦᠨ᠎ᠡ᠃     ᠬᠠᠷᠢᠯᠴᠠᠬᠤ ᠨᠢᠭᠡᠴᠡ᠄  ᠤᠯᠤᠰ ᠤᠨ ᠲᠤᠭ᠎ᠠ ᠪᠦᠷᠢᠳᠭᠡᠯ ᠤᠨ ᠲᠤᠪᠴᠢᠶᠠᠨ ᠤ ᠲᠠᠶᠢᠹᠤᠰᠧ ᠬᠤᠰᠢᠭᠤᠨ ᠳᠠᠬᠢ ᠪᠠᠶᠢᠴᠠᠭᠠᠯᠳᠠ ᠶᠢᠨ ᠠᠩᠭᠢ᠂ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠨᠠᠪᠴᠢᠨ ᠲᠠᠮᠠᠬᠢ ᠶᠢᠨ ᠲᠣᠪᠴᠢᠶ᠎ᠠ᠂ ᠴᠢᠯᠠᠭᠤᠨ ᠲᠣᠰᠣᠨ ᠤ ᠺᠣᠮᠫᠠᠨᠢ᠂ ᠳᠠᠪᠤᠰᠤᠨ ᠤ ᠦᠢᠯᠡᠰ ᠤᠨ ᠺᠣᠮᠫᠠᠨᠢ᠂ ᠰᠢᠦᠳᠠᠨ ᠤ ᠬᠤᠪᠢᠶᠠᠷᠢ ᠺᠣᠮᠫᠠᠨᠢ᠂  ᠨᠡᠬᠦᠳᠡᠯ ᠬᠤᠯᠪᠣᠭᠠᠨ ᠤ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ᠂ ᠨᠢᠭᠡᠳᠦᠮᠡᠯ ᠬᠤᠯᠪᠤᠭᠠᠨ ᠤ ᠺᠣᠮᠫᠠᠨᠢ᠂ ᠷᠠᠳᠢᠣ᠋ ᠲᠧᠯᠸᠢᠰ ᠮᠡᠳᠡᠭᠡ ᠵᠠᠩᠭᠢ ᠲᠤᠤᠷ ᠰᠦᠯᠵᠢᠶᠡᠨ ᠤ ᠺᠣᠮᠫᠠᠨᠢ᠃  
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号