ᠬᠤᠭᠤᠴᠠᠭ᠎ᠠ ᠰᠣᠯᠢᠬᠤ ᠠᠵᠢᠯ ᠤᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠶᠢ ᠨᠡᠶᠢᠲᠡᠯᠡᠬᠦ ᠲᠤᠬᠠᠢ ᠲᠠᠶᠢᠹᠤᠰᠧ ᠬᠤᠰᠢᠭᠤᠨ ᠤ ᠵᠣᠬᠢᠶᠠᠨ ᠪᠠᠶᠢᠭᠤᠯᠬᠤ ᠬᠡᠯᠲᠡᠰ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2022/1/4
 ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠣᠯᠤᠨ ᠬᠤᠰᠢᠭᠤ ᠨᠠᠮ ᠤᠨ ᠬᠤᠷᠢᠶᠠᠨ ᠤ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠳᠠᠯᠠᠨ᠂ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠲᠤᠬᠠᠢ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠭᠤᠴᠠᠭ᠎ᠠ ᠰᠣᠯᠢᠬᠤ ᠠᠵᠢᠯ ᠤᠨ ᠲᠥᠪ ᠴᠢᠬᠡᠴᠢ ᠣᠷᠴᠢᠨ ᠲᠣᠭᠤᠷᠢᠨ  ᠢ ᠦᠨᠡᠨᠬᠦ ᠪᠤᠢ ᠪᠤᠯᠭᠠᠨ᠂  ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠬᠤᠭᠤᠴᠠᠭ᠎ᠠ ᠰᠤᠯᠢᠬᠤ ᠠᠵᠢᠯ ᠢ ᠪᠦᠬᠦ ᠲᠠᠯᠠᠪᠠᠷ ᠰᠠᠶᠢᠨ ᠬᠢᠬᠦ ᠶᠢᠨ ᠲᠤᠰᠠᠳᠠ᠂ ᠬᠤᠭᠤᠴᠠᠭ᠎ᠠ ᠰᠣᠯᠢᠬᠤ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠶᠢ ᠲᠤᠤᠷᠠᠬᠢ ᠮᠡᠳᠦ ᠨᠡᠶᠢᠳᠡᠯᠡᠪᠡ᠄     ᠤᠲᠠᠰᠤ  ᠄ 0479 - 12380 - 11        ᠤᠬᠤᠷ ᠵᠠᠬᠢᠶ᠎ᠠ᠄ 15374890600      ᠢᠮᠧᠯ tqzzbbgs@163.com       ᠵᠠᠬᠢᠳᠠᠯ ᠤᠨ ᠬᠠᠶ᠋ᠢᠭ᠄  ᠲᠠᠶᠢᠹᠤᠰᠧ ᠬᠤᠰᠢᠭᠤᠨ ᠤ ᠨᠠᠮ ᠵᠠᠰᠠᠭ ᠤᠨ  ᠠᠯᠪᠠᠨ ᠠᠰᠠᠷ ᠤᠨ 219 ᠲᠠᠰᠤᠭ ( ᠰᠢᠦᠳᠠᠨ ᠨᠣᠮᠧᠷ 027000 )     ᠶᠠᠮᠠᠷᠪᠠ ᠨᠢᠭᠡᠴᠡ ᠪᠤᠶᠤ ᠬᠤᠪᠢ ᠬᠥᠮᠦᠨ ᠳᠡᠭᠡᠷᠡᠬᠢ ᠠᠷᠭ᠎ᠠ ᠵᠠᠮ ᠢᠶᠠᠷ ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠲᠦᠷᠢᠮ ᠢ ᠵᠥᠷᠢᠴᠡᠭᠰᠡᠨ ᠬᠠᠮᠢᠶ᠎ᠠ ᠪᠦᠬᠦᠢ ᠪᠠᠶᠢᠳᠠᠯ ᠪᠣᠯᠤᠨ ᠠᠰᠠᠭᠤᠳᠠᠯ ᠢ ᠲᠤᠰᠬᠠᠵᠤ ᠪᠣᠯᠤᠨ᠎ᠠ᠃ ᠪᠠᠶᠢᠴᠠᠭᠠᠨ ᠬᠠᠷᠭᠤᠭᠤᠯᠬᠤ ᠳᠤ ᠲᠥᠬᠦᠮ ᠪᠤᠯᠭᠠᠬᠤ ᠶᠢᠨ ᠲᠤᠰᠠᠳᠠ᠂ ᠠᠰᠠᠭᠤᠳᠠᠯ ᠢ ᠲᠤᠰᠬᠠᠬᠤ ᠳᠠᠭᠠᠨ ᠪᠣᠳᠠᠲᠠᠶ ᠰᠦᠪᠡᠭᠴᠢ ᠵᠢᠴᠢ ᠲᠣᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ  ᠂ ᠠᠵᠢᠯᠯᠠᠬᠤ  ᠨᠢᠭᠡᠴᠡ ᠵᠡᠷᠭᠡ ᠮᠡᠳᠡᠭᠡ ᠵᠠᠩᠭᠢ ᠪᠠᠨ ᠬᠠᠩᠭᠠᠭᠳᠤᠨ᠃ ᠪᠢᠳᠡ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠶᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠬᠤ ᠪᠤᠯᠤᠨ᠎ᠠ᠃                             ᠡᠭᠦᠨ ᠤ ᠲᠤᠯᠠ ᠣᠨᠴᠠᠭᠠᠶᠢᠯᠠᠨ ᠵᠠᠷᠯᠠᠪᠠ                                       ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ             ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ                   2022 ᠣᠨ ᠤ 1 ᠰᠠᠷ᠎ᠠ ᠶᠢᠨ 4 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号