1 ᠰᠠᠷ᠎ᠠ ᠶᠢᠨ 5 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ | ᠳᠠᠷᠤᠭ᠎ᠠ ᠳ᠋ᠠᠶ ᠭᠦᠸᠧ ᠵᠥᠩ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ᠂ ᠬᠡᠰᠡᠭ ᠠᠬᠠᠮᠠᠳ ᠨᠠᠮ ᠤᠨ | ᠭᠡᠰᠢᠭᠦᠨ ᠢ ᠪᠣᠯᠭᠤᠭᠠᠨ ᠲᠣᠬᠤᠨᠢᠭᠤᠯᠵᠤ ᠰᠢᠨ᠎ᠡ ᠤᠨ ᠤ ᠮᠡᠨᠳᠦᠴᠢᠯᠡᠯ ᠳᠡᠪᠰᠢᠭᠦᠯᠪᠡ᠃ ᠳ᠋ᠠᠢ ᠭᠦᠸᠧ ᠵᠦᠩ | ᠤᠷᠢᠳ ᠬᠤᠵᠢᠳ ᠪᠣᠤᠴᠠᠩ ᠪᠠᠯᠭᠠᠰᠤᠨ ᠤ ᠠᠬᠠᠮᠠᠳ ᠨᠠᠮ ᠤᠨ ᠭᠡᠰᠢᠬᠦᠨ ᠴᠧᠨ ᠶᠢᠨ ᠶᠤᠸᠠᠨ ᠪᠣᠯᠤᠨ ᠴᠢᠦ ᠹᠦ᠋ | ᠷᠦᠩ ᠤᠨ ᠭᠡᠷ ᠲᠤ ᠬᠦᠷᠴᠦ᠂ ᠲᠡᠳᠡᠨ ᠲᠠᠢ ᠰᠡᠳᠬᠢᠯ ᠤᠨ ᠦᠬᠡ ᠪᠠᠨ ᠲᠡᠯᠬᠡᠨ᠂ ᠲᠡᠳᠡᠨ ᠤ ᠪᠡᠶ᠎ᠡ ᠮᠠᠬᠠᠪᠤᠳ᠂ | ᠠᠮᠢᠳᠤᠷᠠᠯ ᠤᠨ ᠪᠠᠶᠢᠳᠠᠯ ᠬᠢᠭᠡᠳ ᠬᠦᠰᠡᠯ ᠱᠠᠭᠠᠷᠳᠠᠯᠭ᠎ᠠ ᠶᠢ ᠨᠢ ᠨᠠᠷᠢᠨ ᠠᠰᠠᠭᠤᠵᠤ᠂ ᠠᠬᠠᠮᠠᠳ ᠨᠠᠮ ᠤᠨ ᠭᠡᠰᠢᠭᠦᠨ | ᠤ ᠨᠠᠮ ᠤᠨ ᠦᠢᠯᠡᠰ ᠲᠤ ᠦᠵᠡᠭᠦᠯᠦᠭᠰᠡᠨ ᠬᠤᠪᠢ ᠨᠡᠮᠡᠷᠢ ᠶᠢ ᠭᠦᠢᠴᠡᠳ ᠨᠤᠲᠠᠯᠠᠭᠰᠠᠨ ᠤ ᠬᠠᠮᠳᠤ᠂ ᠲᠡᠳᠡᠨ ᠢ | ᠪᠡᠶ᠎ᠡ ᠮᠠᠬᠠᠪᠤᠳ ᠢᠶᠠᠨ ᠰᠠᠶᠢᠬᠠᠨ ᠰᠤᠪᠢᠯᠠᠵᠤ᠂ ᠦᠳᠡᠯᠦᠬᠡ ᠨᠠᠰᠤ ᠪᠠᠨ ᠪᠠᠶᠠᠷ ᠵᠢᠷᠭᠠᠯ ᠲᠠᠢ ᠦᠩᠭᠡᠷᠡᠭᠡᠭᠳᠦᠨ ᠬᠡᠵᠦ | ᠵᠠᠬᠢᠭᠰᠠᠨ ᠪᠠᠶᠢᠯ᠎ᠠ᠃ ᠳ᠋ᠠᠶ ᠭᠦᠸᠧ ᠵᠥᠩ ᠂ ᠠᠬᠠᠮᠠᠳ ᠨᠠᠮ ᠤᠨ ᠭᠡᠰᠢᠬᠦᠳ ᠪᠤᠯ ᠣᠷᠳᠣ ᠬᠤᠭᠤᠴᠠᠭ᠎ᠠ ᠪᠠᠷ ᠨᠠᠮ | ᠤᠨ ᠬᠥᠮᠦᠵᠢᠯ ᠢ ᠭᠥᠷᠳᠡᠵᠦ᠂ ᠤᠨ ᠵᠢᠯ ᠤᠨ ᠰᠠᠯᠬᠢ ᠳᠠᠪᠠᠯᠭᠠᠨ ᠢ ᠲᠤᠭᠤᠯᠵᠤ ᠢᠷᠡᠭᠰᠡᠨ᠂ ᠦᠵᠡᠯ ᠰᠠᠨᠠᠭ᠎ᠠ | ᠤᠯᠤᠰ ᠲᠥᠷᠥ ᠶᠢᠨ ᠤᠬᠠᠮᠰᠠᠷ ᠢᠶᠠᠷ ᠥᠨᠳᠥᠷ᠂ ᠠᠷᠭ᠎ᠠ ᠲᠤᠷᠰᠢᠯᠭ᠎ᠠ ᠪᠠᠷ ᠪᠠᠶᠠᠯᠢᠭ ᠬᠦᠮᠦᠰ ᠶᠤᠮ᠃ ᠲᠡᠳᠡᠨ ᠢ | ᠬᠠᠯᠠᠮᠵᠢᠯᠠᠨ ᠲᠡᠳᠡᠨ ᠳᠤ ᠦᠢᠯᠡᠴᠢᠯᠡᠬᠦ ᠶᠢᠨ ᠬᠠᠮᠲᠤ ᠲᠡᠳᠡᠨ ᠤ ᠰᠠᠨᠠᠯ ᠰᠠᠨᠠᠭᠤᠯᠭ᠎ᠠ ᠶᠢ ᠢᠯᠡᠬᠦᠦ ᠰᠤᠨᠤᠰᠴᠤ᠂ | ᠲᠡᠳᠡᠨ ᠤ ᠦᠯᠢᠭᠡᠷ ᠳᠠᠭᠤᠷᠢᠶᠠᠯ ᠤᠨ ᠬᠦᠴᠦᠨ ᠢ ᠥᠪᠡᠷ ᠤᠨ ᠪᠣᠳᠠᠲᠤ ᠠᠵᠢᠯ ᠳᠠᠭᠠᠨ ᠠᠭᠤᠰᠬᠠᠨ ᠣᠷᠣᠭᠤᠯᠬᠤ | ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠬᠠᠮᠠᠳ ᠨᠠᠮ ᠤᠨ ᠭᠡᠰᠢᠬᠦᠨ ᠤ ᠠᠮᠢᠳᠤᠷᠠᠯ ᠤᠨ ᠪᠠᠶᠢᠳᠠᠯ | ᠢ ᠴᠠᠭ ᠢᠮᠠᠭᠲᠠ ᠠᠩᠬᠠᠷᠤᠨ ᠬᠠᠯᠠᠮᠵᠢᠯᠠᠵᠤ᠂ ᠲᠡᠳᠡᠨ ᠢ ᠬᠠᠪᠰᠤᠷᠤᠨ ᠠᠮᠢᠳᠤᠷᠠᠯ ᠤᠨ ᠳᠤᠮᠳᠠ ᠲᠤᠯᠭᠠᠷᠠᠭᠰᠠᠨ | ᠬᠦᠴᠢᠷ ᠠᠰᠠᠭᠤᠳᠠᠯ ᠢ ᠨᠢ ᠴᠠᠭ ᠲᠤᠬᠠᠶ ᠳᠤᠨᠢ ᠰᠢᠶᠳᠪᠦᠷᠢᠯᠡᠨ ᠥᠭᠴᠦ᠂ ᠲᠡᠳᠡᠨ ᠤ ᠠᠮᠢᠳᠤᠷᠠᠯ ᠤᠨ ᠬᠡᠷᠡᠭᠴᠡᠭᠡ | ᠶᠢ ᠪᠠᠲᠤᠯᠠᠨ᠂ ᠲᠡᠳᠡᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠡᠳ᠋ᠯᠡᠬᠦᠯᠬᠦ ᠬᠡᠷᠡᠭᠲᠡᠶ ᠬᠡᠵᠦ | ᠴᠢᠬᠤᠯᠠᠴᠢᠯᠠᠵᠠᠢ᠃ ᠠᠬᠠᠮᠠᠳ ᠨᠠᠮ ᠤᠨ ᠭᠡᠰᠢᠭᠦᠳ ᠴᠤ ᠬᠤᠶᠢᠰᠢᠳᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠠᠵᠢᠯ ᠢ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠨ ᠳᠡᠮᠵᠢᠵᠦ᠂ ᠦᠯᠡᠳᠡᠪᠦᠷᠢ ᠢᠯᠴᠢ ᠪᠠᠨ | ᠦᠷᠭᠦᠯᠵᠢᠯᠡᠨ ᠪᠠᠳᠠᠷᠠᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠥᠭᠵᠢᠯᠲᠡ ᠳᠤ ᠠᠷᠭ᠎ᠠ ᠪᠣᠳᠣᠯᠭ᠎ᠠ | ᠪᠠᠨ ᠳᠡᠪᠰᠢᠭᠦᠯᠦᠨ᠎ᠡ ᠬᠡᠵᠦ ᠢᠯᠡᠷᠭᠡᠶᠢᠯᠡᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠴᠦᠨ ᠭᠤᠸᠠᠩ ᠵᠢᠴᠢ ᠪᠣᠤᠴᠠᠩ ᠪᠠᠯᠭᠠᠰᠤᠨ ᠤ | ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠲᠣᠬᠤᠨᠢᠭᠤᠯᠪᠠ᠃ |