ᠬᠠᠤᠯᠢ ᠪᠤᠰᠤ ᠲᠡᠭᠡᠭᠡᠪᠦᠷᠢ ᠶᠢᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠶ ᠠᠯᠪᠠᠨ ᠵᠠᠷᠯᠠᠯ
ᠨᠡᠶᠢᠲᠡᠯᠡᠭᠰᠡᠨ ᠴᠠᠭ᠄
2022/1/5
 ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠮᠠᠨ  ᠤ ᠬᠤᠰᠢᠭᠤᠨ ᠤ  ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠲᠦᠷᠢᠮᠵᠢᠬᠦᠯᠬᠦ  ᠶᠢᠨ ᠲᠥᠯᠥᠭᠡ᠂ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂  ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠨᠢ ᠬᠠᠮᠳᠤᠷᠭᠰᠠᠨ ᠠᠵᠢᠯᠯᠠᠬᠤ ᠳᠤᠭᠤᠶᠢᠯᠠᠩ ᠪᠠᠶᠢᠭᠤᠯᠵᠤ᠂   ︽ᠴᠠᠭᠠᠨ ᠰᠠᠷ᠎ᠠ︾  ︽ᠬᠤᠶᠠᠷ ᠴᠤᠭᠯᠠᠭᠠᠨ︾  ︽ᠬᠤᠶᠠᠷ ᠬᠤᠷᠠᠯ︾   ᠤᠨ ᠬᠤᠭᠤᠴᠠᠭᠠᠨ ᠳᠤ ᠪᠥᠬᠦ ᠬᠤᠰᠢᠭᠤᠨ ᠤ ᠬᠡᠪᠴᠢᠶᠡᠨ ᠳᠠᠬᠢ ᠬᠠᠤᠯᠢ ᠪᠤᠰᠤ ᠲᠡᠭᠡᠭᠡᠪᠦᠷᠢ ᠶᠢᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦ ᠪᠠᠷ ᠲᠤᠭᠳᠠᠭᠰᠠᠨ ᠪᠠᠶᠢᠨ᠎ᠠ᠄    ᠨᠢᠭᠡ᠂  ᠡᠨᠡ ᠤᠳᠠᠭᠠᠨ ᠤ ᠠᠵᠢᠯᠯᠠᠭ᠎ᠠ ᠨᠢ ᠬᠠᠤᠯᠢ ᠪᠤᠰᠤ ᠪᠠᠷ ᠠᠶᠠᠨᠴᠢᠳ ᠤᠨ ᠲᠡᠭᠡᠭᠡᠪᠦᠷᠢ ᠬᠢᠵᠦ ᠪᠠᠶᠢᠭ᠎ᠠ ᠲᠡᠷᠭᠡ ᠬᠥᠰᠬᠡ᠂ ᠬᠠᠤᠯᠢ ᠪᠤᠰᠤ ᠪᠠᠷ ᠰᠣᠷᠣᠭᠴᠢ ᠲᠣᠰᠴᠤ  ᠬᠦᠷᠭᠡᠵᠦ ᠪᠠᠶᠢᠭ᠎ᠠ ᠲᠡᠷᠭᠡ ᠬᠦᠰᠭᠡ᠂ QQ ᠪᠠ ᠸᠢᠴᠠᠲ ᠢ ᠠᠰᠢᠭᠯᠠᠨ ᠮᠡᠳᠡᠭᠡ ᠵᠠᠩᠭᠢ ᠨᠡᠶᠢᠳᠡᠯᠡᠵᠦ ᠠᠶᠠᠨᠴᠢᠳ ᠢ ᠴᠤᠭᠯᠠᠭᠤᠯᠬᠤ ᠵᠢᠴᠢ ᠭᠠᠷᠳᠠᠮ ᠬᠦᠢᠴᠡᠳᠭᠡᠯ ᠥᠬᠡᠶ ᠪᠠᠷ ᠠᠶᠠᠨᠴᠢᠳ ᠤᠨ ᠲᠡᠭᠡᠭᠡᠪᠦᠷᠢ  ᠡᠷᠬᠢᠯᠡᠬᠦ ᠠᠵᠢᠯᠯᠠᠭ᠎ᠠ   ᠳᠤ ᠴᠡᠭᠴᠡᠯᠡᠯᠳᠡ ᠬᠢᠬᠦ ᠪᠠᠷ ᠭᠤᠤᠯᠳᠠᠯᠭ᠎ᠠ ᠪᠣᠯᠭᠠᠵᠤ᠂ ᠢᠯᠡ ᠪᠠᠶᠢᠴᠠᠭᠠᠯᠲᠠ ᠪᠠ ᠳᠠᠯᠳᠠ ᠪᠠᠶᠢᠴᠠᠭᠠᠯᠲᠠ ᠶᠢ ᠤᠶᠠᠯᠳᠤᠭᠤᠯᠬᠤ ᠠᠷᠭ᠎ᠠ ᠪᠠᠷ ᠬᠠᠤᠯᠢ ᠲᠦᠷᠢᠮ ᠵᠥᠷᠢᠴᠡᠭᠰᠡᠨ ᠡᠯ᠎ᠡ ᠲᠥᠷᠥᠯ ᠤᠨ ᠡᠵᠡᠩᠨᠡᠯᠲᠡ ᠶᠢᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠠᠤᠯᠢ ᠪᠤᠰᠤ ᠪᠠᠷ ᠲᠡᠭᠡᠭᠡᠪᠦᠷᠢ ᠶᠢᠨ ᠠᠵᠢᠯ ᠬᠢᠵᠦ ᠪᠠᠶᠢᠭ᠎ᠠ ᠬᠥᠮᠦᠰ ᠬᠠᠤᠯᠢ ᠪᠤᠰᠤ ᠡᠵᠡᠩᠨᠡᠯᠳᠡ ᠶᠢᠨ ᠠᠵᠢᠯᠯᠠᠭ᠎ᠠ ᠪᠠᠨ ᠳᠠᠷᠤᠶᠢᠬᠠᠨ ᠵᠣᠭᠰᠣᠭᠠᠬᠤ ᠬᠡᠷᠡᠭᠲᠡᠶ᠃   ᠬᠤᠶᠠᠷ᠂ ᠬᠠᠤᠯᠢ ᠪᠤᠰᠤ ᠡᠵᠡᠩᠨᠡᠯᠳᠡ ᠶᠢᠨ ᠠᠵᠢᠯᠯᠠᠭ᠎ᠠ ᠳᠤ ᠢᠯᠳᠠᠷ ᠬᠠᠶᠠᠬᠤ ᠦᠭᠡᠢ ᠣᠪᠣᠷ ᠢ ᠪᠠᠷᠢᠮᠳᠠᠯᠠᠵᠤ᠂  ᠪᠠᠶᠢᠴᠠᠭᠠᠨ ᠳᠣᠲᠣᠯᠠᠭᠰᠠᠨ ᠤ ᠳᠠᠷᠠᠭ᠎ᠠ  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠶᠯᠡᠳᠪᠦᠷᠢᠯᠡᠯ ᠤᠨ ᠬᠠᠤᠯᠢ  ︾᠂  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠲᠡᠭᠡᠭᠡᠪᠦᠷᠢ  ᠶᠢᠨ ᠲᠦᠷᠢᠮ  ︾᠂  ︽ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠪᠠ ᠦᠶᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠭᠠᠯ  ︾ ᠵᠡᠷᠭᠡ ᠬᠠᠤᠯᠢ ᠲᠦᠷᠢᠮ ᠢ ᠦᠨᠳᠦᠰᠦᠯᠡᠨ ᠰᠢᠶᠳᠪᠦᠷᠢᠯᠡᠨ᠎ᠡ᠃  ᠲᠦᠷᠢᠮ ᠲᠤᠭᠳᠠᠭᠠᠯ ᠢ ᠤᠶᠢᠰᠢᠶᠠᠬᠤ ᠦᠬᠡᠢ ᠦᠷᠭᠦᠯᠵᠢᠯᠡᠨ ᠡᠵᠡᠩᠨᠡᠯᠲᠡ ᠬᠢᠵᠦ᠂ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ  ᠰᠠᠮᠠᠭᠤᠷᠠᠭᠤᠯᠬᠤ  ᠂ ᠠᠮᠤᠷ ᠲᠦᠪᠰᠢᠨ ᠤ ᠤᠰᠤᠯ ᠠᠳᠡᠯ ᠭᠠᠷᠭᠠᠬᠤ ᠪᠤᠶᠤ ᠡᠪᠡᠳᠴᠢᠨ ᠬᠢᠵᠢᠭ ᠲᠡᠯᠬᠡᠷᠡᠬᠦᠯᠪᠡᠯ᠂  ᠬᠠᠮᠢᠶ᠎ᠠ ᠪᠦᠬᠦᠢ ᠬᠠᠤᠯᠢ ᠲᠦᠷᠢᠮ ᠢ ᠦᠨᠳᠦᠰᠦᠯᠡᠨ ᠴᠢᠩᠭ᠎ᠠ ᠰᠢᠶᠳᠪᠦᠷᠢᠯᠡᠵᠦ᠂ ᠦᠢᠯᠡ ᠪᠠᠶᠢᠳᠠᠯ  ᠨᠢ ᠬᠦᠨᠳᠦ ᠨᠣᠴᠢᠲᠠᠶ ᠪᠣᠯ ᠬᠠᠤᠯᠢ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠬᠠᠤᠯᠢ ᠶᠢᠨ ᠬᠠᠷᠢᠭᠤᠴᠠᠯᠭ᠎ᠠ  ᠨᠡᠬᠡᠮᠵᠢᠯᠡᠨ᠎ᠡ᠃    ᠭᠤᠷᠪᠠ᠂ ᠬᠠᠤᠯᠢ ᠭᠡᠷᠡᠭᠵᠢᠬᠦᠯᠬᠦ ᠠᠵᠢᠯᠳᠠᠳ ᠤᠨ ᠬᠠᠤᠯᠢ ᠶᠣᠰᠣᠭᠠᠷ ᠠᠯᠪᠠᠨ ᠠᠵᠢᠯ ᠭᠦᠢᠴᠡᠳᠬᠡᠬᠦ ᠶᠢ ᠬᠠᠷᠰᠢᠯᠠᠭᠰᠠᠳ  ᠂ 《 ᠬᠠᠷ᠎ᠠ ᠲᠡᠷᠭᠡ 》 ᠶᠢᠨ ᠡᠵᠡᠳ ᠢ ᠵᠣᠬᠢᠶᠠᠨ ᠪᠠᠶᠢᠭᠤᠯᠵᠤ ᠬᠠᠤᠯᠢ ᠪᠤᠰᠤ ᠬᠤᠷᠠᠯ ᠴᠤᠭᠯᠠᠭ᠎ᠠ ᠬᠢᠭᠰᠡᠳ᠂   ᠦᠳᠦᠭᠡᠯᠬᠡ ᠶᠢᠨ ᠭᠡᠷᠡᠭ ᠢ ᠵᠣᠬᠢᠶᠠᠨ ᠪᠠᠶᠢᠭᠤᠯᠵᠤ ᠤᠬᠠᠭᠠᠯᠠᠨ ᠰᠡᠳᠦᠭᠰᠡᠳ ᠢ《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠨ ᠲᠣᠷᠭᠠᠬᠤ ᠬᠠᠤᠯᠢ 》 ᠶᠢ ᠦᠨᠳᠦᠰᠦᠯᠡᠨ ᠴᠢᠩᠭ᠎ᠠ ᠰᠢᠶᠳᠪᠦᠷᠢᠯᠡᠵᠦ᠂ ᠶᠠᠯᠠᠳᠤ ᠠᠵᠢᠯᠯᠠᠭ᠎ᠠ ᠪᠤᠯᠤᠭᠰᠠᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ  ᠨᠡᠬᠡᠮᠵᠢᠯᠡᠨ᠎ᠡ᠃    ᠳᠥᠷᠪᠡ᠂ ᠥᠷᠭᠡᠨ ᠣᠯᠠᠨ ᠰᠠᠭᠤᠭᠠᠯᠢ ᠠᠷᠠᠳ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠤᠯᠢ ᠪᠤᠰᠤ  ᠪᠠᠷ ᠲᠡᠭᠡᠭᠡᠪᠦᠷᠢ ᠬᠢᠬᠦ ᠶᠢᠨ ᠬᠤᠤᠷ ᠬᠥᠨᠥᠭᠡᠯ ᠢ ᠭᠦᠶᠴᠡᠳ ᠲᠠᠨᠢᠵᠤ᠂ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢᠶᠠᠨ ᠳᠡᠭᠡᠭᠰᠢᠯᠡᠭᠦᠯᠦᠨ᠂ ᠨᠡᠶᠢᠲᠡ ᠶᠢᠨ ᠮᠠᠰᠢᠨ᠂  ᠭᠠᠷᠳᠠᠮ ᠬᠦᠢᠴᠡᠳᠭᠡᠯ ᠲᠠᠢ ᠲᠡᠷᠭᠡ ᠬᠦᠰᠭᠡ ᠳᠤ  ᠰᠠᠭᠤᠬᠤ ᠶᠢᠨ ᠬᠠᠮᠳᠤ᠂ ᠬᠠᠤᠯᠢ ᠪᠤᠰᠤ ᠲᠡᠭᠡᠭᠡᠪᠦᠷᠢ ᠶᠢᠨ ᠠᠵᠢᠯᠯᠠᠭ᠎ᠠ ᠶᠢ ᠤᠬᠠᠮᠰᠠᠷ ᠠᠴᠠ ᠪᠠᠨ ᠬᠤᠷᠢᠭᠯᠠᠵᠤ᠂  ᠡᠳ᠋ ᠬᠥᠷᠥᠩᠭᠡ ᠪᠠ ᠠᠮᠢ ᠨᠠᠰᠤᠨ ᠤ ᠠᠮᠤᠷ ᠲᠦᠪᠰᠢᠨ ᠢᠶᠠᠨ ᠪᠠᠳᠤᠯᠠᠬᠤ ᠬᠡᠷᠡᠭᠲᠡᠶ᠃ ᠣᠯᠠᠨ ᠲᠦᠮᠡᠨ ᠤ ᠢᠳᠡᠪᠬᠢᠲᠡᠶ ᠪᠠᠷ ᠰᠦᠪᠡᠭᠴᠢ ᠬᠠᠩᠭᠠᠵᠤ ᠢᠯᠡᠴᠢᠯᠡᠨ ᠮᠡᠳᠡᠬᠦᠯᠬᠦ ᠶᠢ ᠵᠤᠷᠢᠬᠵᠢᠭᠤᠯᠤᠨ᠎ᠠ᠃     ᠢᠯᠡᠴᠢᠯᠡᠨ ᠮᠡᠳᠡᠭᠦᠯᠬᠦ ᠤᠲᠠᠰᠤ᠄  0479—6778009       ᠵᠠᠬᠢᠳᠠᠯ ᠤᠨ ᠬᠠᠶ᠋ᠢᠭ᠄  ᠲᠠᠶᠢᠹᠤᠰᠧ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ                                               ᠲᠠᠶᠢᠹᠤᠰᠧ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ  ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ                                           ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ                                           ᠲᠠᠶᠢᠹᠤᠰᠧ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ                                                                       2022 ᠣᠨ ᠤ 1 ᠳ᠋ᠦ᠋ᠭᠡᠷ ᠰᠠᠷ᠎ᠠ ᠶᠢᠨ 5 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号