ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠠᠩᠬᠠᠳᠤᠭᠠᠷ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2022/1/6
1 ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠤᠯᠤᠰ ᠲᠥᠷᠥ ᠶᠢᠨ ᠵᠥᠪᠯᠡᠯᠭᠡᠨ ᠤ  ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠠᠩᠬᠠᠳᠤᠭᠠᠷ ᠬᠤᠷᠠᠯ  ᠬᠤᠷᠠᠯᠳᠤᠪᠠ᠃ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠠᠩ ᠶᠢᠨ ᠮᠢᠩ ᠬᠤᠷᠠᠯ ᠢ ᠡᠷᠬᠢᠯᠡᠨ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠴᠦᠨ ᠭᠤᠸᠠᠩ ᠤᠯᠤᠰ ᠲᠦᠷᠦ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠨᠠᠷᠢᠨ ᠪᠢᠴᠢᠭ ᠤᠨ ᠳᠠᠷᠤᠭ᠎ᠠ᠂ ᠪᠠᠶᠢᠩᠭᠤ ᠶᠢᠨ ᠭᠡᠰᠢᠭᠦᠨ ᠤ ᠵᠢᠱᠢᠭᠳᠡᠭᠰᠡᠳ  ᠤᠨ ᠰᠠᠨᠠᠭᠤᠯᠭ᠎ᠠ ᠶᠢᠨ ᠨᠡᠷᠡᠰ ᠤᠨ ᠦᠨᠳᠦᠰᠦᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠬᠢᠵᠦ᠂ ᠲᠡᠷᠢᠭᠦᠯᠡᠭᠴᠢᠳ  ᠤᠨ ᠪᠦᠯᠬᠦᠮ ᠤᠨ ᠭᠡᠰᠢᠬᠦᠳ ᠠᠴᠠ ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠩᠬᠠᠳᠤᠭᠠᠷ  ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠪᠠ ᠪᠠᠶᠢᠩᠭᠤ ᠶᠢᠨ ᠲᠡᠷᠢᠭᠦᠯᠡᠭᠴᠢᠳ ᠤᠨ ᠬᠤᠷᠠᠯ ᠤᠨ ᠡᠷᠬᠢᠯᠡᠭᠴᠢ ᠶᠢᠨ ᠨᠡᠷᠡᠰ ( ᠲᠥᠰᠦᠯ )᠂ ᠲᠡᠷᠢᠭᠦᠯᠡᠭᠴᠢᠳ ᠤᠨ ᠪᠦᠯᠬᠦᠮ ᠤᠨ ᠭᠦᠶᠴᠡᠳᠬᠡᠭᠴᠢ ᠲᠡᠷᠢᠭᠦᠯᠡᠭᠴᠢ ᠶᠢᠨ ᠠᠵᠢᠯ ᠤᠨ ᠬᠤᠪᠢᠶᠠᠷᠢᠯᠠᠯ ᠤᠨ ᠨᠡᠷᠡᠰ ( ᠲᠥᠰᠦᠯ )᠂ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ( ᠲᠥᠰᠦᠯ )᠂ ᠠᠵᠢᠯ ᠤᠨ ᠪᠠᠶᠢᠭᠤᠯᠤᠮᠵᠢ᠂ ᠭᠡᠰᠢᠭᠦᠳ ᠤᠨ ᠳᠤᠭᠤᠶᠢᠯᠠᠩ ᠬᠤᠪᠢᠶᠠᠨ ᠶᠠᠷᠢᠯᠴᠠᠬᠤ ᠨᠡᠷᠡᠰ ᠪᠠ ᠬᠤᠷᠠᠯᠳᠤᠭᠤᠯᠤᠭᠴᠢ ᠶᠢᠨ ᠨᠡᠷᠡᠰ ( ᠲᠥᠰᠦᠯ ) ᠢ ᠰᠠᠨᠠᠯ ᠨᠢᠭᠡᠲᠡᠶ ᠪᠠᠳᠤᠯᠠᠵᠤ᠂ ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠤ ᠬᠤᠭᠤᠴᠠᠭᠠᠨ ᠤ ᠰᠠᠨᠠᠯ ᠳᠤᠷᠠᠳᠤᠯᠭ᠎ᠠ  ᠲᠡᠪᠰᠢᠬᠦᠯᠬᠦ ᠠᠵᠢᠯ ᠤᠨ ᠳᠠᠭᠤᠰᠬᠤ ᠴᠠᠭ ( ᠲᠥᠰᠦᠯ ) ᠢ ᠬᠢᠨᠠᠨ ᠵᠥᠪᠯᠡᠵᠦ ᠪᠠᠳᠤᠯᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号