ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠡᠩᠨᠡᠭᠡᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ | ᠴᠢᠩᠭᠠᠳᠬᠠᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠵᠠᠰᠠᠭ ᠲᠤ ᠲᠤᠰᠠᠯᠠᠨ ᠰᠠᠨᠠᠯ ᠲᠤ ᠵᠦᠪᠯᠡᠯᠭᠡ | ᠳᠤᠷᠠᠳᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 1 ᠰᠠᠷ᠎ᠠ ᠶᠢᠨ 5 ᠤ ᠡᠳᠦᠷ ᠤᠯᠤᠰ ᠲᠥᠷᠥ ᠶᠢᠨ | ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠭᠡᠰᠢᠭᠦᠳ ᠤᠨ | ᠪᠣᠯᠪᠠᠰᠤᠷᠠᠯ ᠤᠨ ᠠᠩᠭᠢ ᠡᠷᠭᠢᠯᠡᠵᠦ᠂ ᠪᠥᠬᠦ ᠭᠡᠰᠢᠭᠦᠳ ᠪᠣᠯᠪᠠᠰᠤᠷᠠᠯ ᠳᠤ ᠣᠷᠣᠯᠴᠠᠪᠠ᠃ ᠪᠣᠯᠪᠠᠰᠤᠷᠠᠯ ᠲᠡᠭᠡᠷ᠎ᠡ᠂ | ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠱᠠᠰᠢᠨ ᠰᠤᠷᠲᠠᠬᠤᠨ | ᠤ ᠲᠣᠪᠴᠢᠶᠠᠨ ᠤ ᠳᠠᠷᠤᠭ᠎ᠠ ᠰᠠᠶᠢᠨᠪᠠᠶᠠᠷ ᠠᠴᠠ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠱᠠᠰᠢᠨ | ᠰᠤᠷᠲᠠᠬᠤᠨ ᠤ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠰᠤᠷᠤᠯᠴᠠᠬᠤ ᠶᠢᠨ ᠲᠣᠭᠤᠷᠢᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ | ᠭᠡᠷᠡᠯ ᠰᠠᠴᠤᠷᠠᠩᠭᠤᠶ ᠲᠡᠦᠬᠡ ᠲᠠᠢ ᠤᠶᠠᠯᠳᠤᠭᠤᠯᠤᠨ᠂ ᠨᠠᠮ ᠤᠨ ᠦᠨᠳᠦᠰᠦᠲᠡᠨ ᠤ ᠣᠨᠣᠯ ᠤᠨ ᠢᠲᠡᠭᠡᠯ ᠢ ᠪᠣᠶ | ᠪᠣᠯᠭᠠᠬᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠲᠤᠭᠳᠠᠭᠠᠬᠤ᠂ ᠦᠨᠳᠦᠰᠦᠲᠡᠨ ᠤ ᠣᠷᠣᠨ ᠤ | ᠥᠪᠡᠷᠲᠡᠭᠡᠨ ᠵᠠᠰᠠᠬᠤ ᠪᠠᠶᠢᠭᠤᠯᠤᠯ ᠤᠨ ᠢᠲᠡᠭᠡᠯ ᠪᠠ ᠰᠣᠶᠣᠯ ᠤᠨ ᠢᠲᠡᠭᠡᠯ ᠢ ᠪᠤᠢ ᠪᠣᠯᠭᠠᠬᠤ ᠵᠡᠷᠭᠡ ᠲᠠᠯ᠎ᠠ ᠪᠠᠷ | ᠲᠠᠶᠢᠯᠤᠮᠵᠢ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ | ᠴᠠᠭ ᠦᠶ᠎ᠡ ᠶᠢᠨ ᠠᠬᠤᠶ ᠪᠠᠶᠢᠳᠠᠯ ᠪᠠ ᠴᠢᠬᠤᠯᠠ ᠠᠴᠢ ᠬᠤᠯᠪᠣᠭᠳᠠᠯ ᠢ ᠠᠮᠢᠳᠤᠯᠢᠭ ᠢᠶᠠᠷ ᠲᠠᠶᠢᠯᠪᠤᠷᠢᠯᠠᠨ᠂ | ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠨᠠᠷᠢᠨ | ᠦᠬᠦᠯᠡᠭᠰᠡᠨ ᠤ ᠬᠠᠮᠳᠤ᠂《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ 》 ᠳᠤ ᠲᠠᠶᠢᠯᠤᠮᠵᠢ ᠬᠢᠵᠡᠢ᠃ ᠠᠶᠢᠮᠠᠭ ᠤᠨ ᠤᠯᠤᠰ ᠲᠥᠷᠤ | ᠶᠢᠨ ᠵᠥᠪᠯᠡᠯᠭᠡᠨ ᠤ ᠰᠣᠶᠣᠯ ᠲᠡᠦᠬᠡ ᠪᠠ ᠰᠤᠷᠤᠯᠴᠠᠯᠭ᠎ᠠ ᠶᠢᠨ ᠵᠥᠪᠯᠡᠯ ᠤᠨ ᠡᠷᠬᠢᠯᠡᠭᠴᠢ ᠯᠢᠨ ᠵᠠᠨ ᠵᠢᠶᠦ᠋ᠨ ᠶᠢᠨ | ᠤᠯᠤᠰ ᠲᠥᠷᠤ ᠶᠢᠨ ᠵᠥᠪᠯᠡᠯᠭᠡᠨ ᠤ ᠢᠷᠡᠯᠳᠡ ᠪᠠ ᠤᠯᠤᠰ ᠲᠥᠷᠤ ᠶᠢᠨ ᠵᠥᠪᠯᠡᠯᠭᠡᠨ ᠤ ᠶᠠᠪᠤᠵᠤ ᠢᠷᠡᠭᠰᠡᠨ ᠶᠡᠷᠦ | ᠪᠤᠰᠤ ᠶᠢᠨ ᠥᠩᠭᠡᠷᠡᠯᠲᠡ ᠶᠢ ᠡᠷᠬᠢᠴᠡᠬᠦᠯᠵᠦ᠂ ᠤᠯᠤᠰ ᠲᠥᠷᠤ ᠶᠢᠨ ᠵᠥᠪᠯᠡᠯᠭᠡᠨ ᠤ ᠪᠣᠳᠠᠲᠠᠢ ᠠᠵᠢᠯ ᠠᠴᠠ | ᠡᠭᠦᠰᠴᠦ᠂ ᠭᠡᠷᠬᠢᠨ ᠤᠯᠤᠰ ᠲᠥᠷᠤ ᠶᠢᠨ ᠵᠥᠪᠯᠡᠯᠭᠡᠨ ᠤ ᠠᠵᠢᠯ ᠢ ᠬᠡᠷᠬᠢᠨ ᠰᠠᠶᠢᠲᠤᠷ ᠬᠢᠬᠦ᠂ ᠭᠡᠷᠬᠢᠨ ᠤᠯᠤᠰ | ᠲᠥᠷᠤ ᠶᠢᠨ ᠵᠥᠪᠯᠡᠯᠭᠡᠨ ᠤ ᠰᠠᠶᠢᠨ ᠭᠡᠰᠢᠭᠦᠨ ᠪᠣᠯᠬᠤ ᠵᠡᠷᠭᠡ ᠲᠠᠯ᠎ᠠ ᠪᠠᠷ ᠭᠦᠨᠵᠡᠭᠡᠢ ᠮᠦᠷᠳᠡᠭᠡᠨ ᠣᠶᠢᠯᠠᠭᠠᠮᠵᠢᠲᠠᠢ | ᠵᠢᠯᠤᠭᠤᠳᠤᠯᠭ᠎ᠠ ᠬᠢᠭᠰᠡᠨ ᠪᠠᠶᠢᠨ᠎ᠠ᠃ ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠳᠤᠭᠠᠷ | ᠬᠤᠭᠤᠴᠠᠭᠠᠨ ᠤ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠬᠡᠷ | ᠤᠨ ᠡᠷᠬᠢᠯᠡᠭᠴᠢ ᠰᠢᠤᠸᠠᠢ ᡁᠢ ᠮᠢᠩ《 ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ 》 ᠪᠠᠷ ᠭᠤᠤᠯ ᠰᠡᠳᠦᠪ ᠪᠣᠯᠭᠠᠵᠤ᠂ ᠨᠠᠮ | ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢᠨ | ᠴᠢᠬᠤᠯᠠ ᠶᠡᠭᠡ ᠠᠴᠢ ᠬᠤᠯᠪᠣᠭᠳᠠᠯ᠂ 《 ᠰᠢᠶᠳᠪᠦᠷᠢ 》 ᠶᠢᠨ ᠭᠤᠤᠯ ᠠᠭᠤᠯᠭ᠎ᠠ ᠶᠢᠨ ᠲᠣᠭᠤᠷᠢᠨ ᠳᠤ᠂ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠰᠢᠰᠲ᠋ᠧᠮ | ᠲᠠᠢ ᠤᠬᠠᠭᠤᠯᠤᠨ ᠲᠠᠶᠢᠯᠪᠤᠷᠢᠯᠠᠪᠠ᠃ ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ | ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠬᠦᠨ᠂ ᠳᠡᠳ᠋ | ᠲᠡᠷᠢᠭᠦᠯᠡᠭᠴᠢ ᠶᠢᠨ ᠵᠢᠱᠢᠭᠳᠡᠭᠴᠢ ᠯᠢᠦ ᠲᠢᠩ ᠰᠢᠦ᠂ ᠵᠣᠣ ᠶᠦᠩ ᠲᠣᠰᠪᠣᠷᠢ ᠪᠣᠯᠪᠠᠰᠤᠷᠠᠯ ᠢ ᠡᠷᠭᠢᠯᠡᠭᠰᠡᠨ ᠪᠥᠭᠡᠳ | ᠰᠢᠨ᠎ᠡ ᠨᠢᠭᠡ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠤ ᠰᠢᠨ᠎ᠡ ᠱᠠᠭᠠᠷᠳᠠᠯᠭ᠎ᠠ | ᠳᠤᠷᠠᠳᠪᠠ᠃ ᠲᠤᠬᠠᠶᠢᠯᠠᠪᠠᠯ᠂ ᠰᠤᠷᠤᠯᠴᠠᠯᠭ᠎ᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠤᠯᠤᠰ ᠲᠥᠷᠥ ᠶᠢᠨ | ᠵᠥᠪᠯᠡᠯᠭᠡᠨ ᠤ ᠣᠨᠣᠯ ᠤᠨ ᠬᠡᠪ ᠪᠣᠯᠪᠠᠰᠤᠷᠠᠯ ᠢᠶᠠᠨ ᠲᠡᠭᠡᠭᠰᠢᠯᠡᠬᠦᠯᠦᠨ᠂ ᠬᠠᠷᠢᠭᠤᠴᠠᠯᠭᠠᠲᠤ ᠰᠡᠳᠬᠢᠯᠭᠡ ᠪᠠᠨ | ᠨᠡᠮᠡᠭᠳᠡᠬᠦᠯᠵᠦ᠂ ᠰᠤᠷᠤᠯᠴᠠᠯᠭ᠎ᠠ ᠪᠠᠷ ᠳᠡᠮᠵᠢᠨ 《 ᠤᠯᠤᠰ ᠲᠥᠷᠥ ᠶᠢᠨ ᠵᠥᠪᠯᠡᠯᠭᠡᠨ ᠤ ᠦᠭᠡ ᠶᠢ ᠰᠠᠶᠢᠲᠤᠷ | ᠶᠠᠷᠢᠵᠤ᠂ ᠤᠯᠤᠰ ᠲᠥᠷᠥ ᠶᠢᠨ ᠵᠥᠪᠯᠡᠯᠭᠡᠨ ᠤ ᠶᠠᠪᠤᠳᠠᠯ ᠢ ᠰᠠᠶᠢᠲᠤᠷ ᠬᠢᠵᠦ᠂ ᠤᠯᠤᠰ ᠲᠥᠷᠥ ᠶᠢᠨ ᠵᠥᠪᠯᠡᠯᠭᠡᠨ ᠤ | ᠰᠠᠶᠢᠨ ᠭᠡᠰᠢᠬᠦᠨ ᠪᠣᠯᠬᠤ 》 ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠡᠳᠦᠷ ᠲᠤᠲᠤᠮ ᠤᠨ ᠡᠭᠦᠷᠭᠡ ᠲᠤᠰᠢᠶᠠᠯ | ᠢᠶᠠᠨ ᠭᠦᠶᠴᠡᠳᠬᠡᠬᠦ ᠶᠠᠪᠤᠴᠠ ᠳᠤ᠂ ᠢᠳᠡᠪᠬᠢᠲᠡᠶ ᠪᠠᠷ ᠰᠠᠨᠠᠯ ᠲᠤᠷᠠᠳᠤᠯᠭ᠎ᠠ ᠪᠢᠴᠢᠵᠦ᠂ ᠨᠡᠶᠢᠭᠡᠮ ᠤᠨ ᠪᠠᠶᠢᠳᠠᠯ | ᠠᠷᠠᠳ ᠤᠨ ᠰᠠᠨᠠᠭ᠎ᠠ ᠶᠢ ᠰᠠᠨᠠᠭᠠᠴᠢᠯᠠᠭ᠎ᠠ ᠠᠴᠠ ᠪᠠᠨ ᠲᠤᠰᠬᠠᠵᠤ᠂ ᠰᠣᠷᠣᠭᠰᠠᠨ ᠢᠶᠠᠨ ᠦᠢᠯᠡᠳᠦᠯᠭᠡ ᠲᠡᠭᠡᠷ᠎ᠡ | ᠭᠡᠷᠡᠭᠯᠡᠨ᠂ ᠡᠭᠦᠷᠭᠡ ᠲᠤᠰᠢᠶᠠᠯ ᠭᠦᠶᠴᠡᠳᠬᠡᠬᠦ ᠬᠢᠷᠢ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠵᠦ᠂ ᠨᠢᠭᠡᠨ | ᠰᠢᠯᠢᠳᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠵᠣ᠂ ᠲᠠᠶᠢᠹᠤᠰᠧ ᠬᠤᠰᠢᠭᠤᠨ ᠤ ᠬᠥᠭᠵᠢᠯᠲᠡ ᠳᠤ | ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠱᠠᠭᠠᠷᠳᠠᠭᠰᠠᠨ ᠪᠠᠶᠢᠨ᠎ᠠ᠃ | ᠪᠤᠯᠪᠠᠰᠤᠷᠠᠯ ᠳᠤ ᠤᠷᠤᠯᠴᠠᠭᠰᠠᠨ ᠭᠡᠰᠢᠭᠦᠳ ᠪᠦᠷ ︽ ᠡᠨᠡ ᠤᠳᠠᠭᠠᠨ ᠤ ᠪᠣᠯᠪᠠᠰᠤᠷᠠᠯ ᠨᠢ ᠤᠯᠤᠰ ᠲᠥᠷᠥ ᠶᠢᠨ | ᠦᠨᠳᠦᠷᠴᠡ᠂ ᠣᠨᠣᠯ ᠤᠨ ᠭᠦᠨᠴᠡ ᠲᠠᠢ ᠮᠦᠷᠳᠡᠭᠡᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠪᠣᠳᠠᠲᠤ | ᠪᠠᠶᠢᠳᠠᠯ ᠲᠠᠢ ᠮᠠᠰᠢ ᠨᠡᠶᠢᠴᠡᠵᠦ᠂ ᠡᠬᠦᠷᠭᠡ ᠲᠤᠰᠢᠶᠠᠯ ᠢᠶᠠᠨ ᠶᠠᠭᠠᠬᠢᠵᠤ ᠭᠦᠶᠴᠡᠳᠬᠡᠬᠦ᠂ ᠢᠯᠠᠩᠭᠤᠶ᠎ᠠ ᠤᠯᠤᠰ ᠲᠥᠷᠥ | ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ | ᠵᠠᠩᠭᠢ ᠶᠢ ᠶᠠᠭᠠᠬᠢᠵᠤ ᠲᠤᠭᠤᠷᠪᠢᠬᠤ ᠵᠡᠷᠭᠡ ᠲᠠᠯ᠎ᠠ ᠪᠠᠷ ᠭᠡᠰᠢᠬᠦᠳ ᠢ ᠨᠠᠩ ᠭᠦᠨ ᠳᠠᠪᠬᠤᠷᠭ᠎ᠠ ᠶᠢᠨ ᠣᠶᠢᠯᠠᠭᠠᠯᠲᠠ | ᠲᠠᠢ ᠪᠣᠯᠵᠣ᠂ ᠡᠬᠦᠷᠭᠡ ᠲᠤᠰᠢᠶᠠᠯ ᠭᠦᠶᠴᠡᠳᠬᠡᠬᠦ ᠬᠠᠷᠢᠭᠤᠴᠠᠯᠭᠠᠳᠤ ᠰᠡᠳᠬᠢᠯ ᠢ ᠤᠯᠠᠮ ᠴᠢᠩᠭᠠᠷᠠᠭᠤᠯᠤᠨ᠂ | ᠢᠲᠡᠭᠡᠯ ᠵᠣᠷᠢᠭ ᠢ ᠬᠥᠪᠴᠢᠯᠡᠵᠦ᠂ ᠬᠦᠳᠡᠯᠭᠡᠭᠴᠢ ᠬᠦᠴᠦᠨ ᠢ ᠲᠠᠶᠢᠴᠢᠯᠠᠭᠠᠳ᠂ ᠬᠤᠶᠢᠰᠢᠳᠠ ᠴᠢᠨᠠᠷ ᠰᠠᠶᠢᠲᠠᠶ ᠪᠠᠷ | ᠡᠬᠦᠷᠭᠡ ᠲᠤᠰᠢᠶᠠᠯ ᠢᠶᠠᠨ ᠭᠦᠶᠴᠡᠳᠬᠡᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ︾ ᠭᠡᠵᠦ | ᠢᠯᠡᠳᠬᠡᠵᠡᠭᠡᠪᠡ᠃ |