1 ᠰᠠᠷ᠎ᠠ ᠶᠢᠨ 4 ᠤ ᠡᠳᠦᠷ ᠠᠴᠠ 5 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ | ᠹᠧᠶ ᠫᠧᠩ ᠤᠷᠢᠳ ᠬᠤᠵᠢᠳ ᠰᠢᠩ ᠹᠦ᠋ ᠰᠢᠶᠠᠩ᠂ ᠶᠦᠩ ᠹᠧᠩ ᠪᠠᠯᠭᠠᠰᠤᠨ ᠳᠤ ᠭᠦᠨᠵᠡᠭᠡᠶᠢᠷᠡᠵᠦ᠂ ᠲᠣᠰᠬᠤᠨ | ᠳᠤ ᠰᠠᠭᠤᠭ᠎ᠠ ᠠᠵᠢᠯᠯᠠᠬᠤ ᠠᠩᠭᠢ ᠶᠢᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠤᠨ ᠲᠤᠬᠠᠶ ᠲᠤᠰᠬᠠᠶ ᠰᠡᠳᠦᠪᠲᠦ | ᠪᠠᠶᠢᠴᠠᠭᠠᠨ ᠰᠤᠳᠤᠯᠤᠯᠲᠠ ᠬᠢᠪᠠ᠃ ᠲᠡᠷᠡ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠤᠬᠠᠶ ᠴᠢᠬᠤᠯᠠ | ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠠᠶᠢᠭᠤᠯᠤᠨ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠬᠦᠴᠦᠯᠡᠨ | ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠵᠤᠤ ᠹᠸᠢ ᠫᠧᠩ ᠲᠣᠰᠬᠤᠨ ᠳᠤ ᠰᠠᠭᠤᠭ᠎ᠠ ᠠᠵᠢᠯᠯᠠᠬᠤ ᠠᠩᠬᠢ | ᠶᠢᠨ ᠠᠵᠢᠯ ᠢᠶᠠᠨ ᠥᠷᠨᠢᠭᠦᠯᠵᠦ ᠪᠠᠶᠢᠭ᠎ᠠ ᠪᠠᠶᠢᠳᠠᠯ᠂ ᠪᠠᠶᠢᠩᠭᠤ ᠰᠠᠭᠤᠭ᠎ᠠ ᠡᠷᠦᠬᠡ ᠶᠢᠨ ᠣᠷᠣᠯᠭ᠎ᠠ ᠶᠢ ᠲᠥᠰᠦᠭᠡᠯᠡᠨ | ᠪᠤᠳᠤᠬᠤ ᠠᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠲᠥᠯᠥᠪᠵᠢᠭᠦᠯᠭᠡ ᠶᠢ | ᠲᠣᠭᠲᠠᠭᠠᠭᠰᠠᠨ ᠪᠠᠶᠢᠳᠠᠯ ᠵᠡᠷᠭᠡ ᠶᠢ ᠨᠠᠷᠢᠨ ᠤᠶᠢᠯᠠᠭᠠᠭᠰᠠᠨ ᠤ ᠲᠠᠷᠠᠭ᠎ᠠ᠂ ᠣᠳᠣᠬᠠᠨ ᠤ ᠭᠤᠤᠯᠳᠠᠯᠭ᠎ᠠ ᠲᠠᠢ ᠠᠵᠢᠯ | ᠪᠣᠯ ᠳᠠᠷᠤᠶ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠢ ᠰᠠᠶᠢᠨ ᠬᠢᠵᠦ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠰᠠᠶᠢᠲᠤᠷ ᠪᠠᠬᠢᠵᠢᠬᠦᠯᠦᠨ᠂ ᠳᠠᠬᠢᠨ ᠶᠠᠳᠠᠭᠤᠷᠠᠬᠤ ᠶᠢ | ᠰᠡᠷᠭᠡᠶᠢᠯᠡᠬᠦ ᠶᠠᠪᠤᠳᠠᠯ ᠪᠣᠯᠤᠨ᠎ᠠ᠃ ᠲᠣᠰᠬᠤᠨ ᠳᠤ ᠰᠠᠭᠤᠬᠤ ᠠᠵᠢᠯᠯᠠᠬᠤ ᠠᠩᠭᠢ ᠨᠢ ᠡᠷᠬᠡᠪᠰᠢ ᠲᠣᠰᠬᠤᠨ ᠳᠤ | ᠬᠦᠨᠵᠡᠬᠡᠶᠢᠷᠡᠨ ᠡᠷᠦᠬᠡ ᠪᠠᠷ ᠤᠷᠤᠵᠤ ᠂ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠵᠤ ᠡᠵᠡᠮᠰᠢᠬᠦ ᠬᠡᠷᠡᠭᠲᠡᠶ᠃ | ᠪᠣᠳᠠᠲᠤ ᠪᠠᠶᠢᠳᠠᠯ ᠳᠤ ᠰᠠᠭᠤᠷᠢᠯᠠᠨ᠂ ᠵᠦᠶ ᠵᠣᠬᠢᠰᠲᠠᠶ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠲᠣᠭᠲᠠᠭᠠᠵᠤ᠂ | ᠲᠣᠰᠬᠤᠨ ᠤ ᠠᠷᠠᠳ ᠤᠨ ᠲᠥᠷᠥ ᠶᠢᠨ ᠪᠣᠳᠣᠯᠭ᠎ᠠ ᠶᠢ ᠮᠡᠳᠡᠬᠦ ᠨᠣᠷᠮ᠎ᠠ ᠶᠢ ᠨᠡᠮᠡᠭᠳᠡᠭᠦᠯᠦᠨ᠂ ᠣᠯᠠᠨ ᠲᠦᠮᠡᠨ ᠤ | ᠵᠥᠪᠰᠢᠶᠡᠷᠡᠯ ᠢ ᠣᠯᠵᠤ᠂ ᠢᠯᠡᠭᠦᠬᠡᠨ ᠶᠠᠪᠤᠵᠤ ᠢᠯᠡᠭᠦᠬᠡᠨ ᠰᠤᠷᠪᠤᠯᠵᠢᠯᠠᠨ᠂ ᠵᠠᠷᠢᠮ ᠠᠰᠠᠭᠤᠳᠠᠯ ᠢ ᠦᠨᠡᠨᠬᠦ | ᠰᠢᠶᠳᠪᠦᠷᠢᠯᠡᠵᠦ᠂ ᠲᠣᠰᠬᠤᠨ ᠳᠤ ᠰᠠᠭᠤᠬᠤ ᠠᠵᠢᠯ ᠢ ᠦᠷ᠎ᠡ ᠪᠦᠲᠦᠮᠵᠢ ᠲᠠᠢ ᠦᠷᠨᠢᠬᠦᠯᠬᠦ ᠬᠡᠷᠡᠭᠲᠡᠶ ᠬᠡᠵᠦ | ᠱᠠᠭᠠᠷᠳᠠᠭᠰᠠᠨ ᠪᠠᠶᠢᠨ᠎ᠠ᠃ ᠵᠤᠤ ᠹᠸᠢ ᠫᠧᠩ ᠪᠠᠰᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠪᠣᠯ ᠰᠢᠨ᠎ᠡ ᠴᠠᠭ ᠦᠶ᠎ᠡ ᠶᠢᠨ 《 ᠮᠠᠯ ᠲᠠᠷᠢᠶᠠᠯᠠᠩ ᠮᠠᠯᠵᠢᠬᠤ | ᠲᠠᠷᠢᠶᠠᠯᠠᠬᠤ ᠣᠷᠣᠨ ᠮᠠᠯᠴᠢᠨ ᠲᠠᠷᠢᠶᠠᠴᠢᠨ 》 ᠤ ᠠᠵᠢᠯ ᠢ ᠰᠠᠶᠢᠲᠤᠷ ᠬᠢᠬᠦ ᠶᠢᠨ ᠶᠡᠷᠦᠩᠬᠡᠢ ᠭᠠᠷᠳᠠᠴᠠ ᠮᠥᠨ᠂ | ᠡᠷᠭᠡᠪᠰᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠪᠤᠳᠤᠯ ᠢᠶᠠᠨ | ᠦᠨᠡᠨ ᠬᠦ ᠨᠡᠮᠡᠭᠳᠡᠬᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ | ᠠᠵᠢᠯ ᠢ ᠬᠦᠴᠦᠲᠡᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠡᠬᠢ ᠪᠠᠶᠠᠯᠢᠭ ᠢ ᠭᠦᠶᠴᠡᠳ ᠨᠡᠶᠢᠳᠬᠡᠵᠦ᠂ | ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠴᠢᠩᠭᠠᠳᠬᠠᠨ᠂ ᠠᠵᠤ | ᠦᠶᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ | ᠴᠡᠭᠴᠡᠯᠡᠯᠳᠡ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠵᠣᠷᠢᠭᠲᠠᠶ ᠪᠠᠷ ᠰᠢᠨ᠎ᠡ ᠶᠢ ᠡᠬᠦᠳᠦᠨ᠂ | ᠨᠠᠷᠢᠨ ᠨᠢᠮᠪᠠᠶ ᠨᠤᠲᠠᠯᠠᠯᠲᠠ ᠬᠢᠵᠦ᠂ ᠵᠣᠷᠢᠭᠲᠠᠶ ᠪᠠᠷ ᠦᠢᠯᠡᠳᠦᠯᠬᠡᠵᠢᠬᠦᠯᠦᠨ᠂ ᠠᠯᠢ ᠣᠯᠠᠨ ᠥᠪᠡᠷᠮᠢᠴᠡ ᠣᠨᠴᠠᠯᠢᠭ | ᠲᠠᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠭᠪᠤᠷ ᠪᠠ ᠲᠤᠷᠰᠢᠯᠭ᠎ᠠ ᠶᠢ ᠰᠦᠪᠡᠭᠴᠢᠯᠡᠨ | ᠪᠦᠷᠢᠯᠳᠦᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ | ᠵᠣᠯᠭᠠᠭᠤᠯᠬᠤ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ | ᠴᠢᠬᠤᠯᠠᠴᠢᠯᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠠᠨ ᠤ ᠠᠯᠪᠠᠨ | ᠭᠡᠷ ᠤᠨ ᠡᠷᠬᠢᠯᠡᠭᠴᠢ ᠵᠤᠤ ᠬᠠᠢ ᠯᠢ ᠵᠢᠴᠢ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ᠂ ᠰᠢᠩ ᠹᠦ᠋ ᠰᠢᠶᠠᠩ᠂ ᠶᠦᠩ ᠹᠧᠩ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ | ᠰᠤᠳᠤᠯᠤᠯᠲᠠ ᠳᠤ ᠤᠷᠤᠯᠴᠠᠵᠠᠢ᠃ |