ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2022/1/8
1 ᠰᠠᠷ᠎ᠠ ᠶᠢᠨ 7 ᠤ ᠦᠳᠡ ᠶᠢᠨ ᠡᠮᠦᠨ᠎ᠡ᠂  ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠦᠪᠡᠳᠡᠭᠰᠢ ᠶᠡᠭᠡ ᠪᠠᠷ ᠡᠬᠢᠯᠡᠪᠡ᠃  ᠡᠨᠡ ᠤᠳᠠᠭᠠᠨ ᠤ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 190 ᠬᠥᠮᠦᠨ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 183 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠵᠡᠢ᠃ ᠠᠶᠢᠮᠠᠭ ᠤᠨ ᠨᠠᠮ ᠤᠨ ᠬᠤᠷᠢᠶᠠᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠬᠤᠶᠠᠳᠤᠭᠠᠷ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠣᠷᠣᠬᠦᠦ  ᠂ ᠠᠶᠢᠮᠠᠭ ᠤᠨ ᠨᠠᠮ ᠤᠨ ᠬᠤᠷᠢᠶᠠᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠬᠤᠶᠠᠳᠤᠭᠠᠷ ᠵᠢᠯᠣᠭᠤᠳᠬᠤ ᠳᠤᠭᠤᠶᠢᠯᠠᠩ ᠤᠨ ᠭᠡᠰᠢᠬᠦᠨ᠂ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠠᠶᠢᠮᠠᠭ ᠤᠨ ᠨᠡᠶᠢᠲᠡ ᠶᠢᠨ ᠥᠮᠴᠢᠯᠡᠯ ᠤᠨ ᠪᠤᠰᠤ ᠨᠠᠮ ᠤᠨ ᠠᠵᠢᠯ ᠤᠨ ᠬᠤᠷᠢᠶᠠᠨ ᠤ ᠱᠦᠵᠢ ᠳ᠋ᠠᠶ ᠭᠦᠸᠧ ᠵᠥᠩ᠂ ᠠᠶᠢᠮᠠᠭ ᠤᠨ ᠨᠠᠮ ᠤᠨ ᠬᠤᠷᠢᠶᠠᠨ ᠤ ᠬᠤᠭᠤᠴᠠᠭ᠎ᠠ ᠰᠣᠯᠢᠬᠤ ᠠᠷᠪᠠᠳᠤᠭᠠᠷ ᠱᠠᠭᠠᠷᠳᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠠᠶᠢᠮᠠᠭ ᠤᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠤᠨ ᠳᠡᠳ᠋ ᠡᠷᠬᠢᠯᠡᠭᠴᠢ  ᠨᠠᠨᠳᠢᠨ᠂ ᠠᠶᠢᠮᠠᠭ ᠤᠨ ᠨᠠᠮ ᠤᠨ ᠬᠤᠷᠢᠶᠠᠨ ᠤ ᠬᠤᠭᠤᠴᠠᠭ᠎ᠠ ᠰᠣᠯᠢᠬᠤ ᠠᠷᠪᠠᠳᠤᠭᠠᠷ  ᠱᠠᠭᠠᠷᠳᠠᠨ ᠵᠢᠯᠣᠭᠤᠳᠬᠤ ᠳᠤᠭᠤᠶᠢᠯᠠᠩ ᠤᠨ  ᠭᠡᠰᠢᠬᠦᠨ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠢᠶ᠎ᠠ ᠳᠤ ᠲᠤᠮᠢᠯᠠᠭᠰᠠᠨ  ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ ᠵᠢᠶ ᠯᠢ ᠯᠢ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ ᠃ ᠬᠤᠰᠢᠭᠤ ᠨᠠᠮ ᠤᠨ ᠬᠤᠷᠢᠶᠠᠨ ᠤ ᠱᠦᠵᠢ ᠵᠣᠣ  ᠹᠸᠢ ᠫᠧᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢ ᠵᠠᠨ ᠷᠦᠢ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠣᠷᠣᠯᠠᠭᠴᠢ ᠬᠤᠰᠢᠭᠤ ᠳᠠᠷᠤᠭ᠎ᠠ ᠴᠧᠨ ᠶᠠᠨ ᠪᠤᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠠᠩ ᠶᠢᠨ ᠮᠢᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠸᠧᠶ ᠬᠤᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠱᠣᠤ ᠯᠢᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠬᠦᠨ᠂ ᠳᠡᠳ᠋ ᠡᠷᠬᠢᠯᠡᠭᠴᠢ ᠶᠢᠨ ᠵᠢᠱᠢᠭᠳᠡᠭᠴᠢ ᠪᠠᠭᠠᠲᠤᠷ᠂ ᠡᠦ ᠭᠤᠸᠠᠩ ᠹᠧᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠵᠢᠱᠢᠭᠳᠡᠭᠴᠢ ᠵᠠᠩ ᠸᠧᠨ ᠴᠠᠩ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠥᠬᠦ ᠭᠡᠰᠢᠬᠦᠳ᠂ ᠬᠤᠰᠢᠭᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ ᠵᠢᠴᠢ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠢᠭᠦᠬᠦ ᠬᠤᠷᠢᠶ᠎ᠠ᠂  ᠪᠠᠶᠢᠴᠠᠭᠠᠬᠤ ᠬᠤᠷᠢᠶᠠᠨ ᠤ ᠤᠳᠤᠷᠢᠳᠤᠯᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢ ᠤᠷᠢᠯᠭ᠎ᠠ ᠪᠠᠷ ᠬᠤᠷᠠᠯ ᠳᠤ ᠣᠷᠣᠯᠴᠠᠪᠠ᠃  ᠡᠨᠡ ᠤᠳᠠᠭᠠᠨ ᠤ ᠶᠡᠭᠡ ᠬᠤᠷᠠᠯ ᠤᠨ ᠭᠦᠶᠴᠡᠳᠬᠡᠭᠴᠢ ᠲᠡᠷᠢᠭᠦᠯᠡᠭᠴᠢ   ᠨᠢ ( ᠣᠪᠣᠭ ᠨᠡᠷ᠎ᠡ ᠶᠢᠨ ᠬᠢᠨᠢ ᠪᠢᠴᠢᠯᠭᠡ ᠶᠢᠨ ᠳᠠᠷᠠᠭᠠᠯᠠᠯ ᠢᠶᠠᠷ ᠵᠢᠭᠰᠠᠭᠠᠪᠠ ) ᠸᠠᠩ ᠸᠧᠶ ᠬᠤᠩ᠂ ᠸᠠᠩ ᠰᠢ ᠪᠢᠨ᠂ ᠪᠠᠭᠠᠲᠤᠷ᠂ ᠪᠠᠭᠠᠲᠤᠷ᠂ ᠰᠦᠨ ᠬᠠᠶ ᠹᠧᠩ᠂ ᠯᠢ ᠱᠣᠤ ᠯᠢᠨ᠂ ᠯᠢ ᠵᠠᠨ ᠷᠦᠢ᠂ ᠯᠢ ᠴᠦᠨ ᠭᠤᠸᠠᠩ᠂ ᠡᠦ ᠭᠤᠸᠠᠩ ᠹᠧᠩ᠂ ᠰᠥᠩ ᠹᠧᠩ᠂ ᠵᠠᠩ ᠹᠧᠩ  ᠡᠤ᠂ ᠵᠠᠩ ᠸᠧᠨ ᠴᠠᠩ᠂ ᠴᠧᠨ ᠶᠠᠨ ᠪᠤᠤ᠂ ᠵᠣᠣ ᠹᠸᠢ ᠫᠧᠩ᠂ ᠭᠤᠤ ᠶᠢᠩ  ᠵᠦᠸᠧ᠂ ᠰᠡᠴᠡᠨᠴᠣᠭᠲᠤ᠂  ᠰᠢᠶᠧ ᠶᠢᠨ ᠳ᠋ᠦᠩ ᠪᠣᠯᠤᠨ᠎ᠠ᠃     ᠬᠤᠷᠠᠯ ᠲᠡᠭᠡᠷ᠎ᠡ᠂  ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠴᠧᠨ ᠶᠠᠨ  ᠪᠤᠤ ᠬᠤᠰᠢᠭᠤ ᠵᠠᠰᠠᠭ ᠤᠨ ᠣᠷᠳᠣᠨ ᠢ ᠲᠥᠯᠥᠭᠡᠯᠡᠨ ᠠᠵᠢᠯ ᠤᠨ ᠢᠯᠡᠳᠬᠡᠯ  ᠬᠢᠵᠡᠢ᠃  ᠢᠯᠡᠳᠬᠡᠯ ᠳᠤ᠂ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠠᠴᠠ ᠨᠠᠰᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠡᠭᠡ ᠰᠢᠯᠭᠠᠯᠲᠠ᠂ ᠠᠵᠤ ᠠᠬᠤᠶ ᠶᠢᠨ ᠪᠠᠭᠤᠷᠠᠯᠲᠠ ᠶᠢᠨ ᠶᠡᠭᠡ ᠥᠷᠢᠰᠥᠯᠳᠦᠭᠡᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠠᠳᠠᠭᠤ ᠲᠠᠪᠠᠭᠠᠨ ᠤ ᠡᠮᠦᠨ᠎ᠡ᠂ ᠪᠦᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ  ᠪᠤᠯᠭᠠᠨ᠂ ᠠᠶᠢᠮᠠᠭ ᠤᠨ ᠨᠠᠮ ᠤᠨ ᠬᠤᠷᠢᠶ᠎ᠠ᠂  ᠠᠶᠢᠮᠠᠭ ᠤᠨ ᠵᠠᠬᠢᠷᠭ᠎ᠠ ᠪᠣᠯᠤᠨ  ᠬᠤᠰᠢᠭᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠪᠠ ᠳᠡᠮᠵᠢᠯᠭᠡ ᠳᠣᠣᠷ᠎ᠠ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠵᠠᠮ ᠨᠡᠭᠡᠭᠡᠨ  ᠡᠷᠡᠮᠡᠬᠡᠶᠢᠯᠡᠨ ᠤᠷᠤᠭᠰᠢᠯᠠᠵᠤ᠂ ᠡᠯ᠎ᠡ ᠲᠦᠷᠦᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠬᠦᠯᠦᠬᠡᠳ ᠂  ᠵᠢᠱᠢᠯᠲᠠ ᠪᠠᠷ ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠵᠢᠯ ᠳᠤᠮᠳᠠᠴᠢ ᠶᠢᠨ 5.9 %  ᠪᠠᠷ ᠨᠡᠮᠡᠭᠳᠡᠨ᠂ ᠡᠩ ᠤᠨ ᠨᠡᠶᠢᠲᠡ ᠶᠢᠨ ᠲᠥᠰᠦᠪ ᠤᠨ ᠣᠷᠣᠯᠭ᠎ᠠ 10% ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 10.3%   ᠪᠠᠷ ᠨᠡᠮᠡᠭᠳᠡᠨ᠂ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠶ ᠬᠡᠮᠵᠢᠶ᠎ᠡ 2.1% ᠪᠠᠷ ᠨᠡᠮᠡᠭᠳᠡᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠲᠤᠬᠢᠷᠠᠭᠤᠯᠵᠤ  ᠪᠤᠯᠬᠤᠶᠢᠴᠠ ᠣᠷᠣᠯᠭ᠎ᠠ ᠲᠤᠰᠪᠤᠷᠢ 2.3% ᠪᠠ 9.3% ᠪᠠᠷ ᠨᠡᠮᠡᠭᠳᠡᠨ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠡᠯ᠎ᠡ ᠲᠦᠷᠦᠯ ᠤᠨ ᠬᠦᠢᠴᠡᠳᠬᠡᠯ ᠲᠤᠭ᠎ᠠ ᠶᠢ ᠬᠢᠵᠠᠭᠠᠷᠯᠠᠬᠤ ᠬᠡᠪᠴᠢᠶᠡᠨ ᠳᠤ ᠴᠢᠩᠭ᠎ᠠ ᠬᠢᠵᠠᠭᠠᠷᠯᠠᠵᠤ᠂  ᠲᠠᠶᠢᠹᠤᠰᠧ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ  ᠡᠬᠦᠳᠦᠭᠰᠡᠨ ᠪᠠᠶᠢᠨ᠎ᠠ᠃  ᠨᠢᠭᠡ   ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠭᠰᠠᠨ  ᠃ ᠬᠤᠶᠠᠷ ᠲᠤ᠂ ᠠᠵᠤ ᠦᠢᠯᠡᠰ ᠤᠨ ᠪᠦᠲᠦᠴᠡ ᠠᠯᠬᠤᠮ ᠠᠯᠬᠤᠮ ᠢᠶᠠᠷ ᠰᠢᠯᠢᠳᠡᠭᠵᠢᠨ᠂ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠰᠠᠶᠢᠨ ᠬᠠᠨᠳᠤᠰᠢ ᠲᠠᠢ ᠪᠤᠯᠤᠭᠰᠠᠨ  ᠃  ᠭᠤᠷᠪᠠ ᠳᠤ᠂ ᠰᠠᠭᠤᠷᠢ ᠲᠦᠬᠦᠭᠡᠷᠦᠮᠵᠢ ᠲᠠᠰᠤᠷᠠᠯᠲᠠ ᠦᠭᠡᠢ ᠲᠡᠭᠦᠯᠳᠡᠷᠵᠢᠵᠦ᠂ ᠬᠤᠲᠠ ᠬᠥᠳᠡᠭᠡ  ᠶᠢᠨ ᠦᠩᠭᠡ ᠲᠦᠷᠬᠦ ᠰᠢᠨᠡᠳᠦᠨ ᠬᠤᠪᠢᠷᠠᠭᠰᠠᠨ᠃  ᠲᠦᠷᠪᠡ   ᠳᠤ᠂ ᠨᠡᠶᠢᠭᠡᠮ ᠤᠨ ᠦᠢᠯᠡᠰ ᠡᠷᠡᠭᠦᠯ ᠢᠶᠠᠷ ᠬᠥᠭᠵᠢᠵᠦ᠂ ᠠᠷᠠᠳ ᠤᠨ ᠠᠮᠢᠳᠤᠷᠠᠯ  ᠡᠳᠦᠷ ᠢᠷᠡᠬᠦᠶ᠎ᠡ ᠰᠠᠶᠢᠵᠢᠷᠠᠭᠰᠠᠨ᠃ ᠲᠠᠪᠤ ᠳᠤ᠂ ᠲᠣᠰ ᠪᠡᠶ᠎ᠡ ᠶᠢᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠵᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠢᠯᠡᠳᠲᠡ ᠲᠡᠭᠡᠭᠰᠢᠯᠡᠭᠰᠡᠨ ᠬᠡᠵᠦ ᠦᠩᠭᠡᠷᠡᠭᠰᠡᠨ ᠤ ᠠᠵᠢᠯ ᠳᠤ ᠳ᠋ᠦᠩᠨᠡᠯᠳᠡ ᠬᠢᠭᠰᠡᠨ ᠪᠠᠶᠢᠨ᠎ᠠ᠃       ᠢᠯᠡᠳᠬᠡᠯ ᠳᠤ᠂  ᠬᠤᠶᠢᠰᠢᠳᠠ ᠶᠢᠨ ᠲᠠᠪᠤᠨ ᠵᠢᠯ ᠤᠨ ᠶᠡᠷᠦᠩᠬᠡᠶ ᠰᠡᠳᠬᠢᠴᠡ ᠪᠣᠯ᠄ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ  ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ  ᠤ ᠤᠳᠠᠭ᠎ᠠ  ᠪᠤᠯᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ  ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠷᠡᠰ ᠪᠠᠳᠤᠳᠬᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠨ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠯᠲᠡ  ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ  ᠵᠠᠮᠨᠠᠵᠤ ᠂ ᠥᠪᠡᠷᠲᠡᠭᠡᠨ ᠵᠠᠰᠠᠬᠤ ᠣᠷᠣᠨ ᠤ 《 ᠬᠤᠶᠠᠷ ᠬᠠᠯᠬᠠᠪᠴᠢ 》᠂ 《 ᠬᠤᠶᠠᠷ ᠰᠠᠭᠤᠷᠢᠨ 》 ᠪᠠ 《 ᠨᠢᠭᠡ  ᠪᠠᠬᠢᠯᠡᠯᠲᠡ 》 ᠶᠢᠨ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠤᠯ ᠰᠢᠵᠢᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠤᠯᠭᠠᠨ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠡᠴᠦᠰ ᠤᠨ ᠵᠣᠷᠢᠯᠭ᠎ᠠ  ᠪᠤᠯᠭᠠᠵᠤ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠦᠯᠦᠪᠵᠢᠬᠦᠯᠵᠦ᠂ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠂ ᠬᠥᠳᠡᠭᠡ ᠲᠣᠰᠬᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠢᠶᠠᠷ  ᠠᠬᠢᠭᠤᠯᠵᠤ᠂ ᠠᠵᠤ ᠠᠬᠤᠶ ᠶᠢᠨ ᠠᠯᠤᠰ ᠢ ᠵᠤᠷᠢᠵᠤ ᠲᠣᠭᠲᠠᠭᠤᠨ ᠢᠶᠠᠷ ᠤᠷᠤᠭᠰᠢᠯᠠᠬᠤ ᠪᠠ ᠨᠡᠶᠢᠭᠡᠮ ᠤᠨ ᠠᠮᠤᠷ ᠲᠣᠭᠲᠠᠭᠤᠨ ᠡᠶ᠎ᠡ ᠵᠣᠬᠢᠴᠠᠯ ᠲᠠᠢ ᠪᠠᠶᠢᠬᠤ ᠶᠢ ᠪᠡᠶᠡᠯᠡᠬᠦᠯᠦᠨ᠂ ᠣᠷᠣᠨ ᠪᠠᠶᠢᠷᠢ ᠶᠢᠨ ᠳᠠᠪᠠᠭᠤᠯᠢᠭ ᠢᠶᠠᠨ ᠰᠠᠶᠢᠲᠤᠷ ᠠᠰᠢᠭᠯᠠᠵᠤ᠂ ᠰᠢᠯᠢ ᠶᠢᠨ ᠭᠤᠤᠯ ᠠᠶᠢᠮᠠᠭ ᠤᠨ ᠡᠮᠦᠨᠡᠲᠦ ᠬᠡᠰᠡᠭ ᠤᠨ  ᠭᠠᠵᠠᠷ ᠤᠷᠤᠨ ᠤ ᠰᠢᠨ᠎ᠡ ᠠᠵᠤ ᠠᠬᠤᠶ  ᠶᠢᠨ ᠨᠡᠮᠡᠭᠳᠡᠯ ᠤᠨ ᠲᠤᠶᠢᠯ ᠢ ᠪᠠᠶᠢᠭᠤᠯᠤᠨ᠂ ᠪᠠᠶᠠᠨ ᠴᠢᠨᠡᠭᠡᠯᠢᠭ᠂ ᠪᠣᠯᠪᠠᠰᠤᠨ ᠰᠠᠶᠢᠬᠠᠨ᠂ ᠡᠶ᠎ᠡ ᠵᠣᠬᠢᠴᠠᠯ ᠲᠠᠢ᠂ ᠦᠵᠡᠰᠬᠦᠯᠡᠩᠲᠦ  ᠭᠤᠶᠤ᠂  ᠠᠵᠠ  ᠵᠢᠷᠭᠠᠯᠠᠩᠳᠤ ᠲᠠᠶᠢᠹᠤᠰᠧ ᠬᠤᠰᠢᠭᠤ ᠶᠢ  ᠪᠠᠶᠢᠭᠤᠯᠬᠤ ᠪᠠᠷ ᠴᠢᠷᠮᠠᠶᠢᠨ᠎ᠠ᠃  ᠭᠤᠤᠯ ᠪᠣᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠪᠣᠯ᠄ 《 ᠠᠷᠪᠠᠨ ᠳᠥᠷᠪᠡᠳᠦᠭᠡᠷ ᠲᠠᠪᠤᠨ ᠵᠢᠯ 》 ᠤᠨ ᠵᠢᠱᠢᠭᠰᠡᠨ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ 2026 ᠣᠨ ᠪᠣᠯᠬᠤ ᠳᠤ᠂  ᠤᠷᠤᠨ ᠨᠤᠳᠤᠭ ᠤᠨ ᠦᠶᠯᠡᠳᠪᠦᠷᠢᠯᠡᠯ ᠤᠨ ᠶᠡᠷᠦᠩᠬᠡᠶ ᠥᠷᠲᠡᠭ ᠢ ᠵᠢᠯ ᠳᠤᠮᠳᠠᠴᠢ ᠶᠢᠨ 5% ᠣᠷᠴᠢᠮ ᠢᠶᠠᠷ ᠨᠡᠮᠡᠭᠳᠡᠭᠦᠯᠵᠦ᠂ ᠡᠩ ᠤᠨ ᠨᠡᠶᠢᠲᠡ ᠶᠢᠨ ᠲᠥᠰᠦᠪ ᠤᠨ ᠣᠷᠣᠯᠭ᠎ᠠ ᠶᠢ 8% ᠣᠷᠴᠢᠮ ᠢᠶᠠᠷ ᠨᠡᠮᠡᠭᠳᠡᠬᠦᠯᠦᠨ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 10% ᠣᠷᠴᠢᠮ ᠢᠶᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ  ᠪᠤᠳᠠᠰ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠶ ᠬᠡᠮᠵᠢᠶ᠎ᠡ ᠶᠢ 8% ᠣᠷᠴᠢᠮ ᠢᠶᠠᠷ ᠨᠡᠮᠡᠭᠳᠡᠬᠦᠯᠦᠨ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠲᠤᠬᠢᠷᠠᠭᠤᠯᠵᠤ  ᠪᠤᠯᠬᠤᠶᠢᠴᠠ ᠣᠷᠣᠯᠭ᠎ᠠ ᠶᠢ ᠲᠤᠰᠪᠤᠷᠢ 7% ᠪᠠ 10% ᠣᠷᠴᠢᠮ ᠢᠶᠠᠷ ᠨᠡᠮᠡᠭᠳᠡᠬᠦᠯᠵᠦ  ᠂ ᠠᠵᠤ ᠠᠬᠤᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ᠂ ᠨᠡᠶᠢᠭᠡᠮ  ᠤᠨ ᠪᠣᠯᠪᠠᠰᠤᠨ ᠤ ᠬᠡᠮᠵᠢᠶ᠎ᠡ᠂ ᠠᠮᠢ ᠠᠬᠤᠢ ᠣᠷᠴᠢᠨ ᠲᠣᠭᠤᠷᠢᠨ ᠤ ᠳᠠᠪᠠᠭᠤᠯᠢᠭ᠂ ᠠᠷᠠᠳ ᠤᠯᠠᠨ ᠤ ᠪᠤᠶᠠᠨ ᠵᠢᠷᠭᠠᠯ᠂ ᠨᠡᠶᠢᠭᠡᠮ ᠤᠨ ᠵᠠᠰᠠᠯᠲᠠ ᠶᠢᠨ ᠦᠷ᠎ᠡ ᠠᠰᠢᠭ ᠵᠡᠷᠭᠡ ᠬᠥᠭᠵᠢᠯᠲᠡ ᠶᠢᠨ ᠪᠠᠳᠤᠯᠠᠭᠠᠨ ᠤ ᠴᠢᠳᠠᠪᠤᠷᠢ   ᠶᠢ ᠢᠯᠡᠳᠲᠡ ᠴᠢᠩᠭᠠᠷᠠᠭᠤᠯᠤᠨ᠎ᠠ᠃  ᠡᠳᠡᠭᠡᠷ ᠬᠠᠷᠠᠯᠲᠠ ᠶᠢ ᠪᠡᠶᠡᠯᠡᠭᠦᠯᠬᠦ ᠳᠤ ᠳᠣᠣᠷᠠᠬᠢ ᠲᠠᠪᠤᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠠᠳᠬᠤᠬᠤ ᠭᠡᠷᠡᠭᠳᠡᠢ  ᠄  ᠨᠢᠭᠡ ᠳᠤ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠲᠣᠪᠣᠶᠢᠮ᠎ᠠ ᠰᠠᠶᠢᠨ ᠠᠳᠬᠤᠵᠤ᠂ ᠠᠵᠤ ᠠᠬᠤᠶ ᠶᠢᠨ ᠲᠦᠷᠭᠡᠨ ᠨᠡᠮᠡᠭᠳᠡᠯ ᠢ ᠪᠡᠶᠡᠯᠡᠭᠦᠯᠦᠨ᠎ᠡ᠃  ᠬᠤᠶᠠᠷ ᠲᠤ ᠠᠵᠤ ᠦᠢᠯᠡᠰ ᠤᠨ ᠬᠡᠪᠴᠢᠶ᠎ᠡ ᠶᠢ ᠪᠤᠵᠠᠭᠠᠶᠢᠷᠠᠭᠤᠯᠵᠤ᠂ ᠣᠳᠣ ᠦᠶ᠎ᠡ ᠶᠢᠨ ᠠᠵᠤ ᠦᠢᠯᠡᠰ ᠤᠨ ᠳᠡᠰ ᠳᠠᠪᠬᠤᠷᠭ᠎ᠠ ᠶᠢ ᠳᠡᠭᠡᠭᠰᠢᠯᠡᠭᠦᠯᠦᠨ᠎ᠡ ᠃  ᠭᠤᠷᠪᠠ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠣᠷᠣᠰᠢᠨ ᠰᠠᠭᠤᠷᠢᠰᠢᠬᠤ ᠳᠤ ᠲᠠᠭᠠᠯᠠᠮᠵᠢᠲᠠᠢ ᠦᠵᠡᠰᠬᠦᠯᠡᠩᠲᠦ ᠰᠠᠶᠢᠬᠠᠨ ᠵᠣᠯ ᠵᠢᠷᠭᠠᠯᠲᠤ ᠬᠥᠳᠡᠭᠡ ᠲᠣᠰᠬᠤᠨ ᠢ ᠪᠠᠶᠢᠭᠤᠯᠤᠨ᠎ᠠ᠃  ᠲᠦᠷᠪᠡ ᠳᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠦᠯᠦᠪᠵᠢᠬᠦᠯᠦᠨ ᠠᠬᠢᠭᠤᠯᠵᠤ᠂ ᠣᠷᠣᠨ ᠪᠦᠰᠡ ᠶᠢᠨ ᠬᠥᠭᠵᠢᠯᠲᠡ ᠶᠢᠨ ᠳᠠᠪᠠᠭᠤᠯᠢᠭ ᠢ ᠵᠤᠵᠠᠭᠠᠳᠬᠠᠨ᠎ᠠ᠃  ᠲᠠᠪᠤ  ᠳᠤ ᠠᠷᠠᠳ ᠤᠨ ᠠᠮᠢᠳᠤᠷᠠᠯ ᠨᠡᠶᠢᠭᠡᠮ ᠤᠨ ᠦᠢᠯᠡᠰ ᠢ ᠶᠡᠬᠡᠪᠡᠷ ᠬᠥᠭᠵᠢᠭᠦᠯᠵᠦ᠂ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ ᠬᠠᠩᠭᠠᠨ᠎ᠠ ᠬᠡᠵᠡᠢ᠃      ᠢᠯᠡᠳᠬᠡᠯ ᠳᠤ᠂  ᠪᠠᠰᠠ 2022 ᠣᠨ ᠤ ᠭᠤᠤᠯ ᠪᠤᠯᠬᠤ ᠤᠷᠢᠳᠴᠢᠯᠠᠭᠰᠠᠨ ᠬᠠᠷᠠᠯᠲᠠ ᠪᠣᠯ᠄  ᠣᠷᠣᠨ ᠨᠤᠳᠤᠭ ᠤᠨ ᠦᠶᠯᠡᠳᠪᠦᠷᠢᠯᠡᠯ ᠤᠨ ᠶᠡᠷᠦᠩᠬᠡᠶ ᠥᠷᠲᠡᠭ ᠢ 5 % ᠪᠠᠷ ᠨᠡᠮᠡᠭᠳᠡᠭᠦᠯᠵᠦ᠂ ᠡᠩ ᠤᠨ ᠨᠡᠶᠢᠲᠡ ᠶᠢᠨ ᠲᠥᠰᠦᠪ ᠤᠨ ᠣᠷᠣᠯᠭ᠎ᠠ ᠶᠢ 5 % ᠪᠠᠷ  ᠨᠡᠮᠡᠭᠳᠡᠬᠦᠯᠦᠨ᠂ ᠨᠡᠶᠢᠭᠡᠮ ᠤᠨ ᠬᠡᠷᠡᠭᠯᠡᠭᠡᠨ ᠤ  ᠪᠤᠳᠠᠰ ᠤᠨ ᠵᠢᠵᠢᠭᠯᠡᠨ ᠪᠤᠷᠤᠯᠠᠭᠤᠯᠬᠤ ᠶᠡᠷᠦᠩᠬᠡᠶ ᠬᠡᠮᠵᠢᠶ᠎ᠡ ᠶᠢ 6 % ᠪᠠᠷ ᠨᠡᠮᠡᠭᠳᠡᠭᠦᠯᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠲᠤᠬᠢᠷᠠᠭᠤᠯᠵᠤ ᠪᠤᠯᠬᠤᠶᠢᠴᠠ ᠣᠷᠣᠯᠭ᠎ᠠ ᠶᠢ  ᠲᠤᠰᠪᠤᠷᠢ  3 % ᠪᠠ 5 % ᠪᠠᠷ  ᠨᠡᠮᠡᠭᠳᠡᠬᠦᠯᠦᠨ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠵᠦᠶ ᠵᠣᠬᠢᠰᠲᠠᠶ   ᠬᠡᠮᠵᠢᠶᠡᠨ ᠳᠤ ᠪᠠᠶᠢᠯᠭᠠᠵᠤ᠂ 《 ᠵᠢᠷᠭᠤᠭ᠎ᠠ ᠶᠢ ᠲᠣᠭᠲᠠᠪᠤᠷᠢᠵᠢᠭᠤᠯᠬᠤ 》 《 ᠵᠢᠷᠭᠤᠭ᠎ᠠ ᠶᠢ ᠪᠠᠲᠤᠯᠠᠬᠤ 》 ᠠᠵᠢᠯ ᠢ ᠦᠷᠭᠦᠯᠵᠢᠯᠡᠨ ᠰᠠᠶᠢᠲᠤᠷ ᠬᠢᠭᠰᠡᠨ ᠰᠠᠭᠤᠷᠢᠨ ᠳᠡᠭᠡᠷ᠎ᠡ᠂  ᠲᠤᠭᠳᠠᠭᠤᠨ  ᠪᠠᠶᠢᠯᠭᠠᠬᠤ ᠶᠢ ᠲᠡᠷᠢᠬᠦᠨ ᠳᠤ ᠲᠠᠯᠪᠢᠵᠤ᠂  ᠲᠤᠭᠳᠠᠭᠤᠨ ᠤ ᠲᠤᠮᠳᠠ ᠤᠷᠤᠭᠰᠢ ᠲᠠᠪᠰᠢᠨ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠤᠮᠳᠠ ᠪᠠᠶᠢᠷᠢ ᠲᠦᠪᠰᠢᠨ ᠢᠶᠠᠨ ᠲᠡᠭᠡᠭᠰᠢᠯᠡᠬᠦᠯᠬᠦ ᠪᠠᠷ ᠴᠢᠷᠮᠠᠶᠢᠨ᠎ᠠ᠃  ᠨᠢᠭᠡ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠦᠨ᠎ᠡ᠃  ᠬᠤᠶᠠᠷ  ᠲᠤ᠂ ᠠᠵᠤ ᠦᠶᠯᠡᠰ ᠤᠨ ᠬᠡᠪᠴᠢᠶ᠎ᠡ ᠶᠢ ᠲᠠᠰᠤᠷᠠᠯᠲᠠ ᠤᠢᠭᠡᠢ ᠦᠷᠭᠡᠳᠬᠡᠨ ᠪᠤᠵᠠᠭᠠᠶᠢᠷᠠᠭᠤᠯᠤᠨ᠎ᠠ᠃  ᠭᠤᠷᠪᠠ ᠳᠤ᠂ ᠬᠤᠲᠠ ᠬᠥᠳᠡᠭᠡ ᠶᠢᠨ ᠬᠥᠭᠵᠢᠯᠲᠡ ᠶᠢᠨ ᠰᠠᠭᠤᠷᠢ ᠶᠢ ᠬᠦᠴᠦᠯᠡᠨ ᠪᠠᠲᠤᠳᠬᠠᠨ᠎ᠠ᠃  ᠲᠦᠷᠪᠡ   ᠳᠤ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠤᠨ᠎ᠠ᠃  ᠲᠠᠪᠤ ᠳᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ ᠬᠡᠵᠦ  ᠢᠷᠡᠬᠦ ᠠᠵᠢᠯ ᠤᠨ ᠭᠤᠤᠯ ᠪᠤᠯᠬᠤ ᠠᠵᠢᠯ ᠡᠬᠦᠷᠭᠡ ᠶᠢ  ᠪᠠᠶᠢᠷᠢᠯᠠᠭᠤᠯᠤᠭᠰᠠᠨ ᠪᠠᠶᠢᠨ᠎ᠠ᠃       ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ ᠶᠢᠨ ᠶᠦᠩ ᠾᠧ ᠬᠤᠰᠢᠭᠤ ᠵᠠᠰᠠᠭ ᠤᠨ ᠣᠷᠳᠣᠨ ᠢ  ᠲᠦᠯᠦᠭᠡᠯᠡᠵᠦ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠵᠢᠱᠢᠭᠳᠡᠭᠰᠡᠨ ᠲᠥᠷᠥᠯ ᠵᠦᠶᠯ ᠤᠨ ᠪᠦᠷᠢᠯᠳᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠬᠢᠪᠠ᠃ ᠬᠤᠷᠠᠯ ᠠᠴᠠ ᠪᠠᠰᠠ ᠲᠠᠶᠢᠹᠤᠰᠧ ᠬᠤᠰᠢᠭᠤᠨ ᠤ 2021 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2022 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠦᠯᠦᠪᠯᠡᠭᠡᠨ ᠤ ᠲᠥᠰᠦᠯ ᠤᠨ ᠮᠡᠳᠡᠭᠦᠯᠦᠯᠲᠡ ᠶᠢ ᠪᠢᠴᠢᠭ   ᠤᠨ ᠬᠡᠯᠪᠡᠷᠢ ᠪᠠᠷ ᠬᠢᠨᠠᠨ  ᠪᠠᠶᠢᠴᠠᠭᠠᠵᠤ᠂  ᠲᠠᠶᠢᠹᠤᠰᠧ ᠬᠤᠰᠢᠭᠤᠨ ᠤ 2021 ᠣᠨ  ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠠ 2022 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠤᠨ ᠮᠡᠳᠡᠭᠦᠯᠦᠯᠲᠡ ᠶᠢ ᠬᠢᠨᠠᠨ  ᠪᠠᠶᠢᠴᠠᠭᠠᠭᠰᠠᠨ ᠪᠦᠬᠡᠳ ᠰᠣᠩᠭᠤᠭᠤᠯᠢ ᠶᠢᠨ ᠠᠷᠭ᠎ᠠ ( ᠲᠥᠰᠦᠯ )᠂ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ ᠵᠦᠶᠯ ᠢ ᠪᠢᠯᠧᠲ ᠢᠶᠠᠷ ᠪᠠᠲᠤᠯᠠᠬᠤ ᠠᠷᠭ᠎ᠠ ( ᠲᠥᠰᠦᠯ )᠂  ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠶ ᠶᠢᠨ ᠲᠤᠰᠬᠠᠶ ᠵᠥᠪᠯᠡᠯ ᠪᠠᠶᠢᠭᠤᠯᠬᠤ ᠲᠤᠬᠠᠶ ᠲᠣᠭᠲᠠᠭᠠᠯ ( ᠲᠥᠰᠦᠯ )᠂ ᠬᠤᠰᠢᠭᠤᠨ ᠤ ᠡᠳ᠋ ᠤᠨ ᠵᠠᠰᠠᠭ ᠠᠵᠤ ᠠᠬᠤᠶ ᠶᠢᠨ ᠲᠤᠰᠬᠠᠶ ᠵᠥᠪᠯᠡᠯ ᠤᠨ ᠭᠡᠰᠢᠭᠦᠨ ᠤ ᠵᠢᠱᠢᠭᠳᠡᠭᠴᠢ ᠶᠢ ᠪᠠᠲᠤᠯᠠᠬᠤ ᠠᠷᠭ᠎ᠠ ( ᠲᠥᠰᠦᠯ ) ᠶᠢ ᠤᠩᠰᠢᠨ ᠨᠡᠶᠢᠲᠡᠯᠡᠪᠡ᠃      ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠪᠦᠭᠦ ᠲᠥᠯᠥᠭᠡᠯᠡᠭᠴᠢᠳ ᠬᠤᠷᠠᠯ ᠳᠤ ᠣᠷᠣᠯᠴᠠᠵᠤ᠂ ᠬᠤᠰᠢᠭᠤᠨ  ᠤ ᠰᠢᠭᠤᠳ ᠬᠠᠷᠢᠶ᠎ᠠ ᠨᠠᠮ ᠵᠠᠰᠠᠭ ᠤᠨ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂  ᠲᠠᠶᠢᠹᠤᠰᠧ  ᠳᠤ ᠰᠠᠭᠤᠭ᠎ᠠ ᠡᠯ᠎ᠡ ᠨᠢᠭᠡᠴᠡ ᠶᠢᠨ ᠬᠠᠷᠢᠭᠤᠴᠠᠯᠭᠠᠲᠠᠨ ᠪᠠ ᠤᠯᠤᠰ ᠲᠦᠷᠦ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠠᠩᠬᠠᠳᠤᠭᠠᠷ  ᠬᠤᠷᠠᠯᠳᠤᠭᠠᠨ ᠳᠤ ᠣᠷᠣᠯᠴᠠᠭᠰᠠᠨ ᠪᠦᠭᠦ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号