ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠬᠤᠶᠠᠳᠤᠭᠠᠷ ᠪᠦᠬᠦᠳᠡ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2022/1/8
1 ᠰᠠᠷ᠎ᠠ ᠶᠢᠨ 8 ᠤ ᠦᠳᠡ ᠶᠢᠨ ᠡᠮᠦᠨ᠎ᠡ᠂  ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ   ᠤ ᠬᠤᠶᠠᠳᠤᠭᠠᠷ ᠪᠦᠬᠦᠳᠡ ᠬᠤᠷᠠᠯ ᠶᠠᠪᠤᠭᠳᠠᠵᠤ  ᠂   ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠭᠡᠯ ᠪᠠ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ  ᠠᠵᠢᠯ ᠤᠨ ᠢᠯᠡᠳᠭᠡᠯ ᠢ ᠰᠤᠨᠤᠰᠴᠤ ᠬᠢᠨᠠᠨ ᠵᠦᠪᠯᠡᠪᠡ᠃ ᠡᠨᠡ ᠤᠳᠠᠭᠠᠨ ᠤ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 190 ᠬᠥᠮᠦᠨ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 183 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠵᠡᠢ᠃   ᠦᠪᠡᠷᠳᠡᠭᠡᠨ ᠵᠠᠰᠠᠬᠤ ᠤᠷᠤᠨ ᠤ ᠬᠤᠭᠤᠴᠠᠭ᠎ᠠ ᠰᠤᠯᠢᠬᠤ ᠠᠵᠢᠯ   ᠤᠨ ᠵᠢᠷᠭᠤᠳᠤᠭᠠᠷ ᠬᠢᠨᠠᠨ ᠵᠢᠯᠤᠭᠤᠳᠬᠤ ᠲᠤᠭᠤᠶᠢᠯᠠᠩ ᠤᠨ ᠭᠡᠰᠢᠬᠦᠨ ᠯᠢᠦ ᠶᠢᠨ ᠸᠧᠢ᠂ ᠠᠶᠢᠮᠠᠭ ᠤᠨ ᠨᠠᠮ ᠤᠨ ᠬᠤᠷᠢᠶᠠᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠬᠤᠶᠠᠳᠤᠭᠠᠷ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠣᠷᠣᠬᠦᠦ  ᠂ ᠠᠶᠢᠮᠠᠭ ᠤᠨ ᠨᠠᠮ ᠤᠨ ᠬᠤᠷᠢᠶᠠᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠬᠤᠶᠠᠳᠤᠭᠠᠷ ᠵᠢᠯᠣᠭᠤᠳᠬᠤ ᠳᠤᠭᠤᠶᠢᠯᠠᠩ ᠤᠨ ᠭᠡᠰᠢᠬᠦᠨ᠂ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠠᠶᠢᠮᠠᠭ ᠤᠨ ᠨᠡᠶᠢᠲᠡ  ᠶᠢᠨ ᠥᠮᠴᠢᠯᠡᠯ ᠤᠨ ᠪᠤᠰᠤ ᠨᠠᠮ ᠤᠨ ᠠᠵᠢᠯ ᠤᠨ ᠬᠤᠷᠢᠶᠠᠨ ᠤ ᠱᠦᠵᠢ ᠳ᠋ᠠᠶ ᠭᠦᠸᠧ ᠵᠥᠩ᠂ ᠠᠶᠢᠮᠠᠭ ᠤᠨ ᠨᠠᠮ  ᠤᠨ ᠬᠤᠷᠢᠶᠠᠨ ᠤ ᠬᠤᠭᠤᠴᠠᠭ᠎ᠠ ᠰᠣᠯᠢᠬᠤ ᠠᠷᠪᠠᠳᠤᠭᠠᠷ ᠱᠠᠭᠠᠷᠳᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠠᠶᠢᠮᠠᠭ ᠤᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠤᠨ ᠳᠡᠳ᠋ ᠡᠷᠬᠢᠯᠡᠭᠴᠢ  ᠨᠠᠨᠳᠢᠨ᠂ ᠠᠶᠢᠮᠠᠭ ᠤᠨ ᠨᠠᠮ ᠤᠨ ᠬᠤᠷᠢᠶᠠᠨ ᠤ ᠬᠤᠭᠤᠴᠠᠭ᠎ᠠ ᠰᠣᠯᠢᠬᠤ ᠠᠷᠪᠠᠳᠤᠭᠠᠷ  ᠱᠠᠭᠠᠷᠳᠠᠨ ᠵᠢᠯᠣᠭᠤᠳᠬᠤ ᠳᠤᠭᠤᠶᠢᠯᠠᠩ ᠤᠨ  ᠭᠡᠰᠢᠬᠦᠨ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠢᠶ᠎ᠠ ᠳᠤ ᠲᠤᠮᠢᠯᠠᠭᠰᠠᠨ  ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ ᠵᠢᠶ ᠯᠢ ᠯᠢ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠬᠤᠰᠢᠭᠤ ᠨᠠᠮ ᠤᠨ ᠬᠤᠷᠢᠶᠠᠨ ᠤ ᠱᠦᠵᠢ ᠵᠣᠣ  ᠹᠸᠢ ᠫᠧᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ  ᠤᠨ ᠤᠳᠤᠷᠢᠳᠬᠤ ᠳᠤᠭᠤᠶᠢᠯᠠᠩ ᠤᠨ ᠱᠦᠵᠢ ᠯᠢ ᠵᠠᠨ ᠷᠦᠢ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠣᠷᠣᠯᠠᠭᠴᠢ ᠬᠤᠰᠢᠭᠤ ᠳᠠᠷᠤᠭ᠎ᠠ ᠴᠧᠨ ᠶᠠᠨ ᠪᠤᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠠᠩ ᠶᠢᠨ ᠮᠢᠩ᠂ ᠬᠤᠰᠢᠭᠤ ᠨᠠᠮ  ᠤᠨ ᠬᠤᠷᠢᠶᠠᠨ ᠤ ᠳᠡᠳ᠋ ᠱᠦᠵᠢ ᠸᠠᠩ ᠸᠧᠶ ᠬᠤᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠱᠣᠤ ᠯᠢᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠬᠦᠨ᠂ ᠳᠡᠳ᠋ ᠡᠷᠬᠢᠯᠡᠭᠴᠢ ᠶᠢᠨ ᠵᠢᠱᠢᠭᠳᠡᠭᠴᠢ ᠪᠠᠭᠠᠲᠤᠷ᠂ ᠡᠦ ᠭᠤᠸᠠᠩ ᠹᠧᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠵᠢᠱᠢᠭᠳᠡᠭᠴᠢ ᠵᠠᠩ ᠸᠧᠨ ᠴᠠᠩ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠥᠬᠦ ᠭᠡᠰᠢᠬᠦᠳ᠂ ᠬᠤᠰᠢᠭᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ ᠵᠢᠴᠢ ᠵᠠᠰᠠᠭ  ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠢᠭᠦᠬᠦ ᠬᠤᠷᠢᠶ᠎ᠠ᠂  ᠪᠠᠶᠢᠴᠠᠭᠠᠬᠤ ᠬᠤᠷᠢᠶᠠᠨ ᠤ ᠤᠳᠤᠷᠢᠳᠤᠯᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢ ᠤᠷᠢᠯᠭ᠎ᠠ ᠪᠠᠷ ᠬᠤᠷᠠᠯ ᠳᠤ ᠣᠷᠣᠯᠴᠠᠪᠠ᠃ ᠡᠨᠡ ᠤᠳᠠᠭᠠᠨ ᠤ ᠶᠡᠭᠡ ᠬᠤᠷᠠᠯ ᠤᠨ ᠭᠦᠶᠴᠡᠳᠬᠡᠭᠴᠢ ᠲᠡᠷᠢᠭᠦᠯᠡᠭᠴᠢ   ᠨᠢ ( ᠣᠪᠣᠭ ᠨᠡᠷ᠎ᠡ ᠶᠢᠨ ᠬᠢᠨᠢ ᠪᠢᠴᠢᠯᠭᠡ ᠶᠢᠨ ᠳᠠᠷᠠᠭᠠᠯᠠᠯ ᠢᠶᠠᠷ ᠵᠢᠭᠰᠠᠭᠠᠪᠠ ) ᠸᠠᠩ ᠸᠧᠶ ᠬᠤᠩ᠂ ᠪᠠᠭᠠᠲᠤᠷ᠂  ᠨᠠᠰᠤᠨᠪᠠᠳᠤ᠂ ᠯᠢ ᠱᠣᠤ ᠯᠢᠨ᠂ ᠯᠢ ᠵᠠᠨ ᠷᠦᠢ᠂ ᠯᠢ ᠴᠦᠨ ᠭᠤᠸᠠᠩ᠂ ᠡᠦ ᠭᠤᠸᠠᠩ ᠹᠧᠩ᠂  ᠵᠠᠩ ᠹᠧᠩ  ᠡᠤ᠂ ᠵᠠᠩ ᠸᠧᠨ ᠴᠠᠩ᠂ ᠴᠧᠨ ᠶᠠᠨ ᠪᠤᠤ᠂ ᠵᠣᠣ ᠹᠸᠢ ᠫᠧᠩ᠂  ᠤᠷᠬᠢᠯ᠂  ᠵᠢᠶᠠ  ᠶᠠᠨ ᠬᠦᠢ᠂  ᠬᠦᠸᠧ ᠰᠢᠤᠢ ᠹᠠᠩ᠂  ᠫᠧᠩ ᠢᠤᠢ ᠬᠦᠸᠧ᠂  ᠰᠢᠶᠧ ᠶᠢᠨ ᠳ᠋ᠦᠩ᠂ ᠶᠢᠨ ᠶᠦᠩ ᠾᠧ ᠪᠣᠯᠤᠨ᠎ᠠ᠃      ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢ ᠵᠠᠨ ᠷᠦᠢ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ  ᠪᠠᠷ  ᠶᠡᠭᠡ ᠬᠤᠷᠠᠯ ᠳᠤ ᠠᠵᠢᠯ ᠤᠨ ᠢᠯᠡᠳᠭᠡᠯ ᠬᠢᠪᠡ᠃  ᠢᠯᠡᠳᠭᠡᠯ ᠳᠤ᠂ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠠᠵᠢᠯ ᠤᠨ  ᠵᠦᠪᠯᠡᠯ ᠤᠨ ᠨᠠᠷᠢᠨ ᠨᠢᠮᠪᠠᠶ ᠵᠢᠯᠣᠭᠤᠳᠣᠯᠭ᠎ᠠ ᠪᠠ ᠵᠠᠰᠠᠭ ᠤᠨ ᠣᠷᠳᠣᠨ᠂ ᠬᠢᠨᠠᠨ ᠪᠠᠶᠢᠴᠠᠭᠠᠬᠤ ᠵᠥᠪᠯᠡᠯ᠂ ᠰᠢᠭᠦᠬᠦ ᠬᠤᠷᠢᠶ᠎ᠠ᠂  ᠪᠠᠶᠢᠴᠠᠭᠠᠬᠤ ᠬᠤᠷᠢᠶᠠᠨ ᠤ ᠢᠳᠡᠪᠬᠢᠲᠡᠶ ᠬᠠᠮᠵᠢᠯᠴᠠᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠵᠢᠴᠢ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠭᠦᠳᠡ ᠬᠤᠷᠠᠯ᠂ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠨᠠᠶᠢᠳᠠᠪᠤᠷᠢᠵᠢᠭᠤᠯᠤᠨ᠂  ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠪᠥᠬᠦ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠶᠢᠨ ᠲᠣᠭᠤᠷᠢᠨ ᠳᠤ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ᠯᠠᠪᠳᠠᠭᠤᠨ ᠪᠠᠲᠤᠲᠠᠶ ᠠᠵᠢᠯᠯᠠᠨ᠂ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶᠠᠨ ᠤ  ᠲᠣᠭᠲᠠᠭᠠᠭᠰᠠᠨ ᠡᠯ᠎ᠡ  ᠲᠦᠷᠦᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ ᠬᠡᠵᠦ ᠵᠢᠭᠠᠨ ᠭᠠᠷᠭᠠᠵᠠᠢ᠃  ᠢᠯᠡᠳᠭᠡᠯ ᠳᠤ ᠪᠠᠰᠠ᠂  ᠡᠨᠡ  ᠤᠳᠠᠭᠠᠨ ᠤ ᠬᠤᠷᠠᠯᠳᠤᠭᠠᠨ ᠲᠡᠭᠡᠷ᠎ᠡ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢ ᠬᠠᠤᠯᠢ ᠶᠣᠰᠣᠭᠠᠷ ᠰᠣᠩᠭᠤᠨ ᠭᠠᠷᠭᠠᠬᠤ ᠪᠤᠯᠤᠨ᠎ᠠ᠃ ᠰᠢᠨ᠎ᠡ ᠨᠢᠭᠡ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠶᠡᠷᠦᠩᠬᠡᠶ ᠠᠵᠢᠯ ᠤᠨ ᠰᠡᠳᠬᠢᠴᠡ ᠪᠣᠯ᠂  ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ  ᠪᠤᠯᠭᠠᠨ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠪᠠ ᠠᠷᠠᠳ ᠲᠦᠮᠡᠨ ᠢᠶᠠᠷ ᠭᠤᠣᠯ ᠪᠣᠯᠭᠠᠵᠦ᠂  ᠬᠦᠭᠵᠢᠯᠳᠡ ᠶᠢᠨ ᠪᠦᠬᠦ ᠶᠠᠪᠤᠴᠠ ᠳᠤ ᠠᠷᠠᠳᠴᠢᠯᠠᠯ ᠢ ᠦᠢᠯᠡᠳᠦᠯᠬᠡᠵᠢᠬᠦᠯᠬᠦ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂  ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠭᠦᠳᠡ ᠬᠤᠷᠠᠯ᠂ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠲᠤᠤᠱᠯᠠᠭᠤᠯᠤᠨ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠬᠡᠳᠦᠬᠦᠯᠵᠦ᠂ ᠬᠤᠰᠢᠭᠤᠨ ᠤ ᠠᠷᠪᠠᠨ ᠲᠠᠪᠤᠳᠤᠭᠠᠷ  ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠲᠡᠭᠡᠷ᠎ᠡ ᠲᠣᠭᠲᠠᠭᠠᠭᠰᠠᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠬᠦᠢᠴᠡᠳᠭᠡᠵᠦ᠂  ᠦᠢᠯᠡᠳᠦᠯ ᠴᠢᠳᠠᠮᠵᠢ ᠪᠠᠨ ᠬᠦᠢᠴᠡᠳ ᠪᠠᠳᠠᠷᠠᠭᠤᠯᠤᠨ᠂ ᠰᠢᠯᠢ ᠶᠢᠨ ᠭᠤᠤᠯ ᠠᠶᠢᠮᠠᠭ ᠤᠨ ᠡᠮᠦᠨᠡᠲᠦ ᠬᠡᠰᠡᠭ ᠤᠨ ᠰᠢᠨ᠎ᠡ ᠠᠵᠤ ᠠᠬᠤᠶ ᠶᠢᠨ ᠨᠡᠮᠡᠭᠳᠡᠯ ᠤᠨ ᠲᠦᠢᠯ ᠢ ᠴᠣᠭᠴᠠᠯᠠᠬᠤ ᠪᠠ ᠪᠠᠶᠠᠨ ᠴᠢᠨᠡᠭᠡᠯᠢᠭ᠂ ᠪᠣᠯᠪᠠᠰᠤᠨ ᠰᠠᠶᠢᠬᠠᠨ᠂ ᠡᠶ᠎ᠡ ᠵᠣᠬᠢᠴᠠᠯ ᠲᠠᠢ᠂ ᠦᠵᠡᠰᠬᠦᠯᠡᠩᠲᠦ ᠭᠤᠶᠤ ᠲᠠᠶᠢᠹᠤᠰᠧ ᠬᠤᠰᠢᠭᠤ ᠶᠢ ᠪᠠᠶᠢᠭᠤᠯᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ  ᠬᠡᠵᠡᠢ᠃  ᠢᠯᠡᠳᠭᠡᠯ ᠳᠤ᠂ ᠪᠠᠶᠢᠩᠭᠤ ᠶᠢᠨ ᠬᠤᠷᠢᠶᠠᠨ ᠤ ᠬᠤᠶᠢᠰᠢᠳᠠ ᠶᠢᠨ ᠠᠵᠢᠯ ᠳᠤ ᠳᠥᠷᠪᠡᠨ ᠰᠠᠨᠠᠭᠤᠯᠭ᠎ᠠ  ᠲᠤᠷᠠᠳᠤᠭᠰᠠᠨ ᠪᠠᠶᠢᠨ᠎ᠠ  ᠃ ᠲᠤᠬᠠᠶᠢᠯᠠᠪᠠᠯ᠂ ᠨᠢᠭᠡ ᠳᠤ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠦᠷᠦ ᠶᠢᠨ ᠴᠢᠭᠯᠡᠯ ᠢ ᠡᠵᠡᠮᠳᠡᠬᠦ ᠲᠠᠯ᠎ᠠ ᠪᠠᠷ ᠰᠢᠨ᠎ᠡ ᠴᠠᠭ ᠦᠶ᠎ᠡ ᠶᠢ ᠰᠠᠯᠤᠯ ᠦᠭᠡᠢ ᠳᠠᠭᠠᠬᠤ ᠬᠡᠷᠡᠭᠲᠡᠢ᠃  ᠬᠤᠶᠠᠷ ᠲᠤ ᠠᠵᠢᠯ ᠤᠨ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠬᠠᠤᠯᠢ ᠶᠣᠰᠣᠭᠠᠷ  ᠡᠬᠦᠷᠭᠡ ᠲᠤᠰᠢᠶᠠᠯ  ᠢᠶᠠᠨ ᠭᠦᠢᠴᠡᠳᠬᠡᠬᠦ ᠶᠢ ᠠᠬᠢᠭᠤᠯᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠬᠡᠷᠡᠭᠲᠡᠶ᠃  ᠭᠤᠷᠪᠠ ᠳᠤ ᠲᠥᠯᠥᠭᠡᠯᠡᠭᠴᠢ ᠶᠢᠨ ᠭᠤᠤᠯ ᠴᠣᠭᠴᠠ ᠶᠢᠨ ᠦᠢᠯᠡᠳᠦᠯ ᠢ ᠪᠠᠷᠢᠮᠲᠠᠯᠠᠵᠤ᠂ ᠲᠥᠯᠥᠭᠡᠯᠡᠭᠴᠢ ᠶᠢᠨ ᠡᠬᠦᠷᠭᠡ ᠲᠤᠰᠢᠶᠠᠯ ᠢᠶᠠᠨ ᠭᠦᠢᠴᠡᠳᠬᠡᠬᠦ ᠳᠤ ᠦᠢᠯᠡᠴᠢᠯᠡᠬᠦ ᠲᠠᠯ᠎ᠠ ᠪᠠᠷ ᠰᠢᠨ᠎ᠡ ᠠᠷᠭ᠎ᠠ ᠬᠡᠮᠵᠢᠶ᠎ᠡ ᠶᠢ ᠲᠤᠪᠤᠶᠢᠯᠭᠠᠬᠤ ᠬᠡᠷᠡᠭᠲᠡᠶ᠃ ᠲᠦᠷᠪᠡ ᠳᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠪᠠᠷᠢᠮᠲᠠᠯᠠᠵᠤ᠂ ᠪᠠᠶᠢᠭᠤᠯᠭ᠎ᠠ ᠶᠢᠨ ᠦᠢᠯᠡᠳᠦᠯ ᠴᠢᠳᠠᠮᠵᠢ ᠶᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠳᠦᠷᠰᠦ ᠪᠠᠶᠢᠳᠠᠯ ᠢ ᠢᠯᠡᠷᠡᠭᠦᠯᠬᠦ ᠬᠡᠷᠡᠭᠲᠡᠢ ᠬᠡᠵᠡᠢ᠃     ᠬᠤᠷᠠᠯ ᠲᠡᠭᠡᠷ᠎ᠡ ᠪᠠᠰᠠ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠯᠢ ᠯᠢ ᠵᠢᠶᠦ᠋ᠨ ᠤ ᠬᠢᠭᠰᠡᠨ ︽ ᠲᠠᠶᠢᠹᠤᠰᠧ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠢᠯᠡᠳᠭᠡᠯ︾᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ  ᠪᠠᠶᠢᠴᠠᠭᠠᠭᠴᠢ ᠳᠠᠷᠤᠭ᠎ᠠ ᠨᠠᠷᠠᠰᠤ ᠶᠢᠨ ᠬᠢᠭᠰᠡᠨ ︽ᠲᠠᠶᠢᠹᠤᠰᠧ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠭᠡᠯ︾  ᠢ ᠰᠣᠨᠣᠰᠴᠤ ᠬᠢᠨᠠᠨ ᠵᠦᠪᠯᠡᠭᠰᠡᠨ ᠪᠦᠬᠡᠳ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠰᠣᠩᠭᠤᠭᠤᠯᠢ ᠶᠢᠨ ᠠᠷᠭ᠎ᠠ᠂  ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠢᠯᠧᠲ   ᠪᠠᠷ ᠰᠢᠢᠳᠬᠦ ᠠᠷᠭ᠎ᠠ︔   ᠡᠳ᠋ ᠤᠨ ᠵᠠᠰᠠᠭ ᠠᠵᠤ ᠠᠬᠤᠶ ᠶᠢᠨ ᠲᠤᠰᠬᠠᠶ  ᠵᠦᠪᠯᠡᠯ ᠢ ᠪᠠᠶᠢᠭᠤᠯᠬᠤ ᠲᠤᠬᠠᠶ ᠲᠣᠭᠲᠠᠭᠠᠯ᠂  ᠡᠳ᠋ ᠤᠨ ᠵᠠᠰᠠᠭ ᠠᠵᠤ ᠠᠬᠤᠶ ᠶᠢᠨ ᠲᠤᠰᠬᠠᠶ  ᠵᠦᠪᠯᠡᠯ ᠤᠨ ᠭᠡᠰᠢᠭᠦᠨ ᠤ ᠵᠢᠱᠢᠭᠳᠡᠭᠰᠡᠳ ᠢ ᠪᠠᠲᠤᠯᠠᠬᠤ ᠠᠷᠭ᠎ᠠ ᠶᠢ  ᠪᠠᠳᠤᠯᠠᠭᠰᠠᠨ ᠪᠠᠶᠢᠨ᠎ᠠ᠃  ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠪᠥᠬᠦ ᠲᠥᠯᠥᠭᠡᠯᠡᠭᠴᠢ ᠬᠤᠷᠠᠯ ᠳᠤ ᠣᠷᠣᠯᠴᠠᠵᠤ᠂  ᠬᠤᠰᠢᠭᠤᠨ ᠤ ᠰᠢᠭᠤᠳ ᠬᠠᠷᠢᠶ᠎ᠠ ᠨᠠᠮ ᠵᠠᠰᠠᠭ ᠤᠨ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂  ᠲᠠᠶᠢᠹᠤᠰᠧ ᠳᠤ ᠰᠠᠭᠤᠭ᠎ᠠ ᠡᠯ᠎ᠡ ᠨᠢᠭᠡᠴᠡ ᠶᠢᠨ ᠬᠠᠷᠢᠭᠤᠴᠠᠯᠭᠠᠲᠠᠨ ᠪᠣᠯᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠳᠤ ᠣᠷᠣᠯᠴᠠᠭᠰᠠᠨ ᠪᠥᠬᠦ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠬᠤᠷᠠᠯ ᠳᠤ ᠰᠤᠯᠠ ᠣᠷᠣᠯᠴᠠᠵᠠᠶ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号