ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠭᠤᠷᠪᠠᠳᠤᠭᠠᠷ ᠪᠦᠬᠦᠳᠡ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2022/1/9
 1 ᠰᠠᠷ᠎ᠠ ᠶᠢᠨ 9 ᠤ ᠦᠳᠡ ᠶᠢᠨ ᠡᠮᠦᠨ᠎ᠡ᠂  ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠭᠤᠷᠪᠠᠳᠤᠭᠠᠷ ᠪᠥᠬᠦᠳᠡ ᠬᠤᠷᠠᠯ ᠬᠤᠷᠠᠯᠳᠤᠵᠤ᠂ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠳᠡᠳ᠋ ᠡᠷᠬᠢᠯᠡᠭᠴᠢ᠂ ᠠᠷᠠᠳ ᠤᠨ ᠵᠠᠰᠠᠭ ᠤᠨ ᠣᠷᠳᠣᠨ ᠤ  ᠬᠤᠰᠢᠭᠤ ᠳᠠᠷᠤᠭ᠎ᠠ᠂ ᠳᠡᠳ᠋ ᠬᠤᠰᠢᠭᠤ ᠳᠠᠷᠤᠭ᠎ᠠ᠂  ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠰᠢᠭᠦᠬᠦ ᠬᠤᠷᠢᠶᠠᠨ ᠤ ᠳᠠᠷᠤᠭ᠎ᠠ  ᠂  ᠪᠠᠶᠢᠴᠠᠭᠠᠬᠤ ᠬᠤᠷᠢᠶᠠᠨ ᠤ  ᠪᠠᠶᠢᠴᠠᠭᠠᠭᠴᠢ ᠳᠠᠷᠤᠭ᠎ᠠ᠂  ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠭᠡᠰᠢᠬᠦᠳ ᠢ ᠰᠣᠩᠭᠤᠨ ᠲᠦᠷᠦᠭᠳᠡᠬᠦᠯᠵᠡᠢ᠃  ᠡᠨᠡ ᠤᠳᠠᠭᠠᠨ ᠤ ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 190 ᠬᠥᠮᠦᠨ᠂  ᠴᠢᠯᠦᠭᠡ ᠭᠤᠶᠤᠭᠰᠠᠨ 7 ᠬᠥᠮᠦᠨ ᠪᠠᠶᠢᠵᠤ᠂   183 ᠲᠥᠯᠥᠭᠡᠯᠡᠭᠴᠢ ᠤᠷᠤᠯᠴᠠᠭᠠᠳ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠭᠰᠡᠨ ᠪᠠᠶᠢᠨ᠎ᠠ᠃   ᠶᠡᠭᠡ ᠬᠤᠷᠠᠯ ᠤᠨ ᠬᠦᠢᠴᠡᠳᠭᠡᠬᠦ ᠲᠡᠷᠢᠭᠦᠯᠡᠭᠴᠢ ᠳᠤ ︵ᠬᠢᠲᠠᠳ ᠥᠰᠥᠭ ᠤᠨ ᠪᠢᠴᠢᠯᠭᠡ ᠶᠢᠨ ᠲᠠᠰ ᠳᠠᠷᠠᠭᠠᠯᠠᠯ ᠢᠶᠠᠷ ᠵᠢᠭᠰᠠᠭᠠᠪᠠ︶᠄ ᠸᠠᠩ ᠸᠧᠶ ᠬᠤᠩ᠂ ᠸᠠᠩ ᠸᠧᠨ ᠴᠧᠩ᠂ ᠪᠠᠭᠠᠲᠤᠷ᠂  ᠵᠢᠮᠢᠰ᠂ ᠯᠢ ᠱᠣᠤ ᠯᠢᠨ᠂ ᠯᠢ ᠵᠠᠨ ᠷᠦᠢ᠂ ᠯᠢ ᠴᠦᠨ ᠭᠤᠸᠠᠩ᠂ ᠡᠤ ᠭᠤᠸᠠᠩ ᠹᠧᠩ᠂ ᠲᠦᠩ ᠰᠢᠶᠤᠤ ᠵᠢᠶᠦ᠋ᠨ᠂ ᠵᠠᠩ ᠸᠧᠨ ᠴᠠᠩ᠂ ᠴᠧᠨ ᠶᠠᠨ ᠪᠦᠦ᠂ ᠹᠠᠨ ᠴᠦᠨ ᠫᠢᠩ᠂ ᠵᠧᠤ ᠶᠠᠨ ᠴᠢᠩ᠂ ᠵᠣᠣ ᠹᠸᠢ ᠫᠧᠩ᠂ ᠵᠢᠶᠤᠤ ᡁᠢ ᠭᠤᠸᠠᠩ᠂  ᠰᠢᠶᠧ ᠶᠢᠨ ᠳ᠋ᠦᠩ ᠪᠣᠶ᠃ ᠥᠪᠡᠷᠲᠡᠭᠡᠨ ᠵᠠᠰᠠᠬᠤ ᠣᠷᠣᠨ ᠤ ᠬᠤᠭᠤᠴᠠᠭ᠎ᠠ ᠰᠣᠯᠢᠬᠤ ᠠᠵᠢᠯ ᠤᠨ ᠵᠢᠷᠭᠤᠳᠤᠭᠠᠷ   ᠬᠢᠨᠠᠨ ᠵᠢᠯᠣᠭᠤᠳᠬᠤ ᠳᠤᠭᠤᠶᠢᠯᠠᠩ ᠤᠨ ᠭᠡᠰᠢᠭᠦᠨ ᠯᠢᠦ ᠶᠢᠨ ᠸᠧᠶ᠂ ᠠᠶᠢᠮᠠᠭ ᠤᠨ ᠨᠠᠮ ᠤᠨ ᠬᠤᠷᠢᠶᠠᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠬᠤᠶᠠᠳᠤᠭᠠᠷ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠤᠷᠤᠬᠦᠦ᠂ ᠠᠶᠢᠮᠠᠭ ᠤᠨ ᠨᠠᠮ ᠤᠨ ᠬᠤᠷᠢᠶᠠᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠬᠤᠶᠠᠳᠤᠭᠠᠷ ᠵᠢᠯᠣᠭᠤᠳᠬᠤ ᠳᠤᠭᠤᠶᠢᠯᠠᠩ ᠤᠨ ᠭᠡᠰᠢᠬᠦᠨ᠂ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠳ᠋ᠠᠢ ᠬᠦᠸᠧ ᠵᠦᠩ᠂ ᠠᠶᠢᠮᠠᠭ ᠤᠨ ᠨᠠᠮ ᠤᠨ ᠬᠤᠷᠢᠶᠠᠨ ᠤ  ᠬᠤᠭᠤᠴᠠᠭ᠎ᠠ ᠰᠣᠯᠢᠬᠤ ᠠᠵᠢᠯ ᠤᠨ ᠠᠷᠪᠠᠳᠤᠭᠠᠷ ᠱᠠᠭᠠᠷᠳᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠠᠶᠢᠮᠠᠭ ᠤᠨ ᠨᠠᠮ ᠤᠨ ᠬᠤᠷᠢᠶᠠᠨ  ᠤ ᠰᠦᠯᠵᠢᠶᠡᠨ ᠤ ᠮᠡᠳᠡᠭᠡ ᠵᠠᠩᠬᠢ ᠶᠢᠨ ᠠᠯᠪᠠᠨ ᠬᠡᠷ ᠤᠨ ᠳᠡᠳ᠋ ᠡᠷᠬᠢᠯᠡᠭᠴᠢ ᠨᠠᠨᠳᠢᠨ᠂ ᠠᠶᠢᠮᠠᠭ ᠤᠨ ᠨᠠᠮ ᠤᠨ ᠬᠤᠷᠢᠶᠠᠨ ᠤ ᠬᠤᠭᠤᠴᠠᠭ᠎ᠠ ᠰᠣᠯᠢᠬᠤ ᠠᠵᠢᠯ ᠤᠨ ᠠᠷᠪᠠᠳᠤᠭᠠᠷ  ᠱᠠᠭᠠᠷᠳᠠᠨ ᠵᠢᠯᠣᠭᠤᠳᠬᠤ ᠳᠤᠭᠤᠶᠢᠯᠠᠩ ᠤᠨ ᠭᠡᠰᠢᠬᠦᠨ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠳᠤ ᠲᠤᠮᠢᠯᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ ᠵᠢᠶ ᠯᠢ ᠯᠢ ᠬᠤᠷᠠᠯ ᠳᠤ ᠤᠷᠤᠯᠴᠠᠵᠤ ᠵᠢᠭᠠᠨ ᠵᠢᠯᠤᠭᠤᠳᠪᠠ᠃  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠸᠢ ᠫᠧᠩ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢ ᠵᠠᠨ ᠷᠦᠢ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ᠂ ᠣᠷᠣᠯᠠᠭᠴᠢ  ᠬᠤᠰᠢᠭᠤ ᠳᠠᠷᠤᠭ᠎ᠠ ᠴᠧᠨ ᠶᠠᠨ ᠪᠦᠦ᠂  ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠠᠩ ᠶᠢᠨ ᠮᠢᠩ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠸᠧᠶ ᠬᠤᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠱᠣᠤ ᠯᠢᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ  ᠭᠡᠰᠢᠬᠦᠨ᠂ ᠳᠡᠳ᠋ ᠡᠷᠬᠢᠯᠡᠭᠴᠢ ᠶᠢᠨ ᠵᠢᠱᠢᠭᠳᠡᠭᠴᠢ ᠪᠠᠭᠠᠲᠤᠷ᠂ ᠡᠤ ᠭᠤᠸᠠᠩ ᠹᠧᠩ ᠂   ᠳᠡᠳ᠋ ᠡᠷᠬᠢᠯᠡᠭᠴᠢ ᠶᠢᠨ ᠵᠢᠱᠢᠭᠳᠡᠭᠴᠢ ᠵᠠᠩ ᠸᠧᠨ ᠴᠠᠩ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠡᠰᠢᠬᠦᠳ᠂  ᠬᠤᠰᠢᠭᠤ ᠨᠠᠮ ᠤᠨ ᠬᠤᠷᠢᠶᠠᠨ  ᠤ ᠪᠠᠶᠢᠩᠭᠤ ᠶᠢᠨ ᠭᠡᠰᠢᠬᠦᠳ ᠵᠢᠴᠢ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠢᠭᠦᠬᠦ ᠬᠤᠷᠢᠶ᠎ᠠ᠂  ᠪᠠᠶᠢᠴᠠᠭᠠᠬᠤ ᠬᠤᠷᠢᠶᠠᠨ ᠤ ᠤᠳᠤᠷᠢᠳᠤᠯᠭ᠎ᠠ᠂ ᠥᠪᠡᠷᠲᠡᠭᠡᠨ ᠵᠠᠰᠠᠬᠤ ᠣᠷᠣᠨ ᠤ ᠱᠠᠳᠤᠨ ᠤ ᠠᠷᠠᠳ ᠤᠨ ᠲᠥᠯᠥᠭᠡᠯᠡᠭᠴᠢ ᠤᠷᠢᠯᠭ᠎ᠠ ᠪᠠᠷ ᠬᠤᠷᠠᠯ ᠳᠤ ᠣᠷᠣᠯᠴᠠᠵᠠᠶ᠃ ᠸᠠᠩ ᠸᠧᠢ ᠬᠤᠩ ᠬᠤᠷᠠᠯ ᠢ ᠡᠷᠬᠢᠯᠡᠪᠡ᠃ ᠬᠤᠷᠠᠯ ᠠᠴᠠ ᠶᠡᠷᠦᠩᠬᠡᠢ ᠪᠢᠯᠧᠲ ᠬᠢᠨᠠᠭᠴᠢ᠂ ᠳᠡᠳ᠋ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠵᠢᠴᠢ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠤᠨ ᠵᠢᠭᠠᠨ ᠲᠣᠭᠲᠠᠭᠠᠭᠰᠠᠨ ᠪᠢᠯᠧᠲ ᠪᠦᠷᠢᠳᠬᠡᠭᠴᠢ ᠶᠢᠨ ᠨᠡᠷᠡᠰ ᠢ ᠪᠠᠲᠤᠯᠠᠪᠠ᠃ ᠶᠡᠭᠡ ᠬᠤᠷᠠᠯ ᠤᠨ ᠰᠣᠩᠭᠤᠭᠤᠯᠢ ᠶᠢᠨ ᠳ᠋ᠦᠩ ᠳᠤ᠂  ᠯᠢ ᠵᠠᠨ ᠷᠦᠢ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠷ ᠰᠣᠩᠭᠤᠭᠳᠠᠵᠤ᠂ ᠯᠢ ᠱᠣᠤ ᠯᠢᠨ᠂ ᠪᠠᠭᠠᠲᠤᠷ᠂ ᠡᠤ ᠭᠤᠸᠠᠩ ᠹᠤᠩ᠂ ᠵᠠᠩ ᠸᠧᠨ ᠴᠠᠩ ᠳᠡᠳ᠋ ᠡᠷᠬᠢᠯᠡᠭᠴᠢ ᠪᠠᠷ  ᠰᠤᠩᠭᠤᠭᠳᠠᠨ᠂  ᠴᠧᠨ ᠶᠠᠨ ᠪᠦᠦ  ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠪᠠᠷ ᠰᠣᠩᠭᠤᠭᠳᠠᠵᠤ᠂ ᠶᠢᠨ ᠶᠦᠩ ᠾᠧ᠂ ᠸᠠᠩ ᠵᠢᠤᠢ ᠰᠢ᠂ ᠯᠢ ᠵᠠᠨ ᠪᠦᠦ᠂  ᠡᠷᠳᠡᠨᠢᠪᠠᠭᠠᠳᠤᠷ᠂ ᠤᠶᠤᠨᠴᠡᠴᠡᠭ᠂ ᠪᠦᠦ ᠴᠢᠩ ᠱᠠᠨ ᠳᠡᠳ᠋ ᠬᠤᠰᠢᠭᠤ ᠳᠠᠷᠤᠭ᠎ᠠ ᠪᠠᠷ ᠰᠤᠩᠭᠤᠭᠳᠠᠨ᠂ ᠰᠢᠶᠧ ᠶᠢᠨ ᠳ᠋ᠦᠩ  ᠲᠠᠶᠢᠹᠤᠰᠧ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠪᠠᠷ ᠰᠣᠩᠭᠤᠭᠳᠠᠵᠤ᠂ ᠯᠢ ᠯᠢ ᠵᠢᠶᠦ᠋ᠨ ᠰᠢᠭᠦᠬᠦ ᠬᠤᠷᠢᠶᠠᠨ ᠤ ᠳᠠᠷᠤᠭ᠎ᠠ ᠪᠠᠷ ᠰᠤᠩᠭᠤᠭᠳᠠᠨ᠂ ᠨᠠᠷᠠᠰᠤ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠳᠠᠷᠤᠭ᠎ᠠ ᠪᠠᠷ ᠰᠤᠩᠭᠤᠭᠳᠠᠵᠤ᠂  28 ᠬᠦᠮᠦᠨ  ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠢᠶᠠᠷ ᠰᠤᠩᠭᠤᠭᠳᠠᠭᠰᠠᠨ ᠪᠠᠶᠢᠨ᠎ᠠ᠃ ᠬᠤᠷᠠᠯ ᠠᠴᠠ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠲᠤᠰᠬᠠᠢ ᠵᠥᠪᠯᠡᠯ ᠤᠨ ᠭᠡᠰᠢᠬᠦᠳ ᠤᠨ ᠨᠡᠷᠡᠰ ᠢ ᠪᠠᠲᠤᠯᠠᠪᠠ᠃ ᠬᠤᠷᠠᠯ ᠳᠡᠭᠡᠷ᠎ᠡ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠸᠢ ᠫᠧᠩ ᠰᠢᠨ᠎ᠡ ᠪᠠᠷ ᠰᠣᠩᠭᠤᠭᠳᠠᠭᠰᠠᠨ ᠬᠥᠮᠦᠰ ᠲᠤ ᠰᠣᠩᠭᠤᠭᠳᠠᠭᠰᠠᠨ ᠦᠨᠡᠮᠯᠡᠯ ᠤᠯᠭᠤᠵᠠᠢ᠃ ᠳᠠᠷᠠᠭ᠎ᠠ ᠨᠢ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ  ᠶᠠᠪᠤᠭᠤᠯᠵᠤ᠂ ᠯᠢ ᠵᠠᠨ ᠷᠦᠢ᠂ ᠴᠧᠨ ᠶᠠᠨ ᠪᠦ᠋ᠦ‌‍ᠰᠢᠨ᠎ᠡ ᠪᠠᠷ ᠰᠣᠩᠭᠤᠭᠳᠠᠭᠰᠠᠨ ᠪᠦᠬᠦ ᠬᠥᠮᠦᠰ ᠢ ᠳᠠᠭᠠᠭᠤᠯᠤᠨ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠨ ᠬᠠᠮᠲᠤ ᠶᠢᠨ ᠭᠡᠷᠡᠴᠢᠯᠡᠭᠡ ᠪᠠᠷ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠭ ᠬᠢᠪᠡ᠃  ᠴᠧᠨ ᠶᠠᠨ ᠪᠦᠦ ᠰᠢᠨ᠎ᠡ ᠪᠠᠷ ᠰᠣᠩᠭᠤᠭᠳᠠᠭᠰᠠᠨ ᠬᠤᠰᠢᠭᠤ ᠵᠠᠰᠠᠭ ᠤᠨ ᠣᠷᠳᠣᠨ ᠤ ᠤᠳᠤᠷᠢᠳᠬᠤ ᠪᠠᠭ ᠢᠶᠠᠨ ᠲᠦᠯᠦᠭᠡᠯᠡᠵᠦ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠢ᠃ ᠲᠡᠷᠡ ᠬᠡᠯᠡᠬᠦ ᠳᠡᠭᠡᠨ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠨᠳᠦ ᠨᠠᠶᠢᠳᠠᠯᠭ᠎ᠠ  ᠶᠢ ᠬᠦᠯᠢᠶᠡᠨ ᠠᠪᠤᠭᠰᠠᠨ ᠪᠤᠯᠬᠤᠷ᠂  ᠪᠢᠳᠡ ᠡᠷᠭᠡᠪᠰᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠢᠮᠠᠭᠲᠠ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠦᠷᠦᠭᠦᠯᠡᠨ ᠭᠦᠨᠵᠡᠭᠡᠶ ᠲᠤᠤᠱᠯᠠᠭᠤᠯᠵᠤ᠂ ︽ᠲᠦᠷᠪᠡᠨ ᠤᠬᠠᠮᠰᠠᠷ︾  ᠢᠶᠠᠨ ᠴᠢᠩᠭᠠᠳᠬᠠᠨ᠂ ︽ᠲᠦᠷᠪᠡᠨ ᠢᠲᠡᠭᠡᠯ︾  ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠦᠨ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠪᠦᠯᠬᠦᠮᠳᠡᠯ ᠢ  ᠡᠷᠬᠢᠮᠯᠡᠨ᠂ ᠠᠷᠠᠳᠴᠢᠯᠠᠯ ᠢ ᠡᠷᠬᠢᠮᠯᠡᠵᠦ᠂ ᠪᠣᠳᠠᠲᠠᠢ ᠠᠵᠢᠯᠯᠠᠬᠤ ᠶᠢ ᠡᠷᠬᠢᠮᠯᠡᠨ᠂ ᠪᠠᠭᠲᠠᠭᠠᠮᠵᠢᠲᠠᠢ ᠪᠠᠶᠢᠬᠤ ᠶᠢ ᠡᠷᠬᠢᠮᠯᠡᠵᠤ᠂ ᠠᠷᠠᠳᠴᠢᠯᠠᠯ ᠲᠥᠪᠯᠡᠷᠡᠯ ᠤᠨ ᠶᠣᠰᠣ ᠶᠢ ᠪᠠᠷᠢᠮᠳᠠᠯᠠᠨ  ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠬᠠᠤᠯᠢ ᠶᠣᠰᠣᠭᠠᠷ ᠠᠵᠢᠯᠯᠠᠬᠤ ᠶᠢ ᠪᠠᠷᠢᠮᠲᠠᠯᠠᠵᠤ᠂ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠰᠡᠳᠬᠢᠯ ᠨᠢᠭᠡᠳᠦᠨ ᠤᠴᠢᠷ ᠪᠦᠲᠦᠭᠡᠬᠦ ᠰᠠᠶᠢᠨ ᠰᠠᠶᠢᠬᠠᠨ ᠲᠦᠷᠢ ᠲᠥᠷᠬᠦ ᠪᠠ ᠤᠶᠤᠨ ᠰᠠᠨᠠᠭᠠᠨ ᠤ ᠳᠦᠷᠰᠦ ᠪᠠᠶᠢᠳᠠᠯ ᠢ  ᠨᠢᠬᠳᠠᠷᠠᠭᠤᠯᠬᠤ ᠭᠡᠷᠡᠭᠳᠡᠢ᠃  ᠬᠥᠭᠵᠢᠭᠦᠯᠦᠯᠲᠡ ᠶᠢᠨ ᠲᠡᠷᠢᠭᠦᠨ ᠴᠢᠬᠤᠯᠠ ᠡᠭᠦᠷᠭᠡ ᠶᠢ ᠭᠤᠶᠢᠪᠢᠰᠢ ᠦᠭᠡᠶ ᠪᠠᠷᠢᠮᠲᠠᠯᠠᠵᠤ᠂ ᠬᠥᠭᠵᠢᠯᠲᠡ ᠶᠢᠨ ᠶᠡᠭᠡ ᠲᠠᠯ᠎ᠠ ᠶᠡᠭᠡ ᠬᠠᠨᠳᠤᠰᠢ ᠪᠣᠯᠤᠨ ᠠᠵᠤ ᠠᠬᠤᠢ ᠶᠢᠨ ᠠᠵᠢᠯ ᠤᠨ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠪᠠᠲᠤ ᠡᠵᠡᠮᠳᠡᠨ᠂ ᠥᠷᠯᠥᠭᠡ ᠦᠳᠡᠰᠢ ᠶᠢ ᠲᠡᠮᠡᠴᠡᠬᠦ ᠲᠤᠯᠭᠠᠮ᠎ᠠ ᠪᠤᠳᠤᠯ ᠬᠠᠷᠢᠭᠤᠴᠠᠯᠭᠠᠲᠤ ᠰᠡᠳᠬᠢᠯᠭᠡ ᠶᠢ ᠡᠪᠦᠷᠯᠡᠵᠦ᠂  ᠡᠷᠡᠯᠬᠡᠭᠯᠡᠨ ᠤᠷᠤᠭᠰᠢᠯᠠᠬᠤ   ᠶᠢᠨ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠵᠦ᠂ ᠨᠢᠭᠡᠨᠲᠡ ᠲᠣᠭᠲᠠᠭᠠᠭᠰᠠᠨ  ᠡᠬᠦᠷᠭᠡ ᠬᠠᠷᠠᠯᠳᠠ ᠲᠦᠰᠦᠪ ᠲᠦᠯᠦᠪᠯᠡᠭᠡ  ᠶᠢ ᠡᠷᠳᠡ ᠨᠢᠬᠡ ᠡᠳᠦᠷ ᠪᠤᠳᠠᠳᠠᠶᠢᠵᠢᠭᠤᠯᠤᠨ ᠪᠡᠶᠡᠯᠡᠬᠦᠯᠵᠦ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠠᠯᠬᠤᠮ ᠠᠯᠬᠤᠮ ᠢᠶᠠᠷ ᠪᠣᠳᠠᠲᠤ ᠠᠬᠤᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠴᠠᠭ ᠢᠮᠠᠭᠲᠠ ᠵᠠᠰᠠᠭ ᠤᠨ ᠣᠷᠳᠣᠨ ᠤ ᠠᠯᠢᠪᠠ ᠠᠵᠢᠯ ᠤᠨ  ᠡᠬᠦᠰᠦᠴᠡ ᠪᠠ ᠵᠤᠭᠰᠤᠴᠠ ᠪᠣᠯᠭᠠᠵᠤ᠂ ᠠᠷᠠᠳ ᠤᠨ ᠲᠥᠯᠥᠭᠡ ᠵᠢᠳᠬᠦᠬᠦ ᠡᠭᠦᠷᠭᠡ ᠬᠠᠷᠢᠭᠤᠴᠠᠯᠭ᠎ᠠ ᠪᠠᠨ ᠬᠢᠴᠢᠶᠡᠩᠭᠦ᠋ᠢᠯᠡᠨ ᠵᠢᠷᠤᠮᠯᠠᠵᠤ᠂ ᠠᠷᠠᠳ ᠢ ᠪᠠᠶᠠᠵᠢᠭᠤᠯᠬᠤ ᠠᠷᠭ᠎ᠠ ᠪᠤᠳᠤᠯᠭ᠎ᠠ ᠶᠢ ᠢᠯᠡᠭᠦᠬᠡᠨ ᠰᠦᠪᠡᠭᠴᠢᠯᠡᠵᠦ᠂ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠢᠯᠡᠭᠦᠬᠡᠨ ᠬᠡᠷᠡᠭᠵᠢᠭᠦᠯᠵᠦ᠂ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠠᠭᠤᠳᠠᠯ ᠢ ᠦᠨᠡᠨ ᠬᠦ ᠰᠠᠶᠢᠲᠤᠷ  ᠰᠢᠢᠳᠪᠦᠷᠢᠯᠡᠵᠦ᠂ ᠲᠦᠷᠦ ᠶᠢᠨ ᠪᠤᠳᠤᠯᠭ᠎ᠠ ᠶᠢ ᠠᠷᠠᠳ ᠤᠨ ᠠᠮᠢᠳᠤᠷᠠᠯ ᠲᠡᠶᠢᠰᠢ ᠭᠡᠯᠪᠡᠶᠢᠯᠬᠡᠨ᠂ ᠤᠯᠠᠨ ᠲᠦᠮᠡᠨ ᠳᠤ ᠨᠡᠩ ᠤᠯᠠᠨ ᠪᠣᠳᠠᠲᠤ ᠠᠰᠢᠭ ᠬᠦᠷᠲᠡᠭᠡᠵᠦ᠂ ᠠᠷᠠᠳ ᠤᠨ ᠠᠮᠢᠳᠤᠷᠠᠯ ᠢ ᠨᠡᠩ ᠴᠢᠨᠠᠷᠯᠢᠭ ᠪᠤᠯᠭᠠᠬᠤ ᠭᠡᠷᠡᠭᠳᠡᠢ᠃  ᠠᠷᠢᠭᠤᠨ ᠴᠢᠬᠡᠴᠢ ᠪᠠᠷ ᠵᠠᠰᠠᠭ  ᠪᠠᠷᠢᠬᠤ ᠳᠦᠷᠢᠮ ᠲᠣᠭᠲᠠᠭᠠᠯ ᠢ ᠴᠢᠩᠭ᠎ᠠ ᠲᠤᠭᠳᠠᠭᠠᠨ  ᠂ ᠪᠡᠶ᠎ᠡ ᠪᠠᠷ ᠢᠶᠠᠨ ᠲᠦᠷᠦᠭᠦᠯᠡᠨ ᠬᠠᠤᠯᠢ ᠶᠢ ᠰᠠᠬᠢᠵᠤ ᠬᠠᠤᠯᠢ ᠶᠢ ᠰᠤᠷᠤᠯᠴᠠᠵᠤ ᠬᠠᠤᠯᠢ ᠶᠢ ᠬᠡᠷᠡᠭᠯᠡᠵᠦ᠂  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ  ᠤᠨ ᠬᠢᠨᠠᠯᠳᠠ ᠵᠢᠴᠢ ᠣᠯᠠᠨ ᠲᠦᠮᠡᠨ ᠤ ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠣᠯᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ  ᠰᠠᠨᠠᠯ ᠳᠤᠷᠠᠳᠤᠯᠭ᠎ᠠ ᠶᠢ ᠨᠠᠷᠢᠨ ᠬᠢᠨᠠᠮᠠᠭᠠᠶ ᠬᠦᠢᠴᠡᠳᠬᠡᠨ᠂ ᠡᠯ᠎ᠡ ᠡᠲᠡᠭᠡᠳ ᠤᠨ ᠬᠢᠨ ᠤ ᠰᠠᠨᠠᠯ ᠢ ᠥᠷᠭᠡᠨ ᠢᠶᠠᠷ ᠬᠤᠷᠢᠶᠠᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠬᠦᠨᠳᠦᠳᠬᠡᠨ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠬᠢᠨᠠᠮᠠᠭᠠᠶ ᠭᠦᠢᠴᠡᠳᠬᠡᠵᠦ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠪᠠ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠡᠯ᠎ᠡ ᠲᠦᠷᠦᠯ ᠤᠨ ᠲᠣᠭᠲᠠᠭᠠᠯ ᠢ ᠴᠢᠩᠭ᠎ᠠ ᠵᠢᠷᠤᠮᠯᠠᠵᠤ᠂ ᠤᠳᠤᠷᠢᠳᠬᠤ  ᠪᠠᠭ ᠢᠶᠠᠨ ᠰᠠᠶᠢᠲᠤᠷ ᠳᠠᠭᠠᠭᠤᠯᠤᠨ᠂ ᠡᠩᠨᠡᠭᠡ ᠪᠠᠨ ᠰᠠᠶᠢᠲᠤᠷ ᠠᠳᠬᠤᠵᠤ᠂ ᠠᠷᠢᠭᠤᠨ ᠴᠢᠬᠡᠴᠢ ᠲᠥᠪ  ᠭᠤᠯᠴᠢ ᠪᠠᠶᠢᠬᠤ ᠰᠠᠶᠢᠨ ᠰᠠᠶᠢᠬᠠᠨ ᠵᠠᠰᠠᠭ ᠤᠨ ᠰᠤᠷᠲᠠᠯ ᠢ ᠪᠤᠢ ᠪᠤᠯᠭᠠᠨ᠂ ᠪᠣᠳᠠᠲᠤ ᠠᠵᠢᠯᠯᠠᠭ᠎ᠠ ᠪᠠᠷ ᠢᠶᠠᠨ ᠵᠠᠰᠠᠭ ᠤᠨ ᠣᠷᠳᠣᠨ ᠤ ᠲᠦᠷᠢ ᠲᠥᠷᠬᠦ ᠶᠢ  ᠬᠠᠮᠠᠭᠠᠯᠠᠬᠤ ᠭᠡᠷᠡᠭᠳᠡᠢ᠃ ᠥᠩᠭᠡᠷᠡᠭᠰᠡᠨ ᠬᠤᠭᠤᠴᠠᠭᠠᠨ ᠤ ᠤᠳᠤᠷᠢᠳᠬᠤ ᠪᠠᠭ ᠤᠨ ᠲᠠᠯᠪᠢᠭᠰᠠᠨ  ᠪᠠᠳᠤ ᠰᠠᠭᠤᠷᠢ ᠳᠤ ᠰᠠᠭᠤᠷᠢᠯᠠᠵᠤ᠂  ᠵᠠᠯᠭᠠᠮᠵᠢᠯᠠᠬᠤ ᠪᠠ ᠪᠠᠳᠠᠷᠠᠭᠤᠯᠬᠤ ᠶᠢ ᠵᠡᠷᠭᠡᠪᠡᠷ  ᠴᠢᠬᠤᠯᠠᠴᠢᠯᠠᠨ ᠂ ᠲᠥᠪ ᠶᠣᠰᠣ ᠶᠢ ᠪᠠᠷᠢᠮᠲᠠᠯᠠᠬᠤ ᠪᠠ ᠰᠢᠨ᠎ᠡ ᠶᠢ ᠡᠭᠦᠳᠬᠦ ᠶᠢ ᠵᠡᠷᠭᠡᠪᠡᠷ ᠠᠳᠬᠤᠵᠤ᠂ ︽ᠲᠡᠨᠡᠭ ᠡᠪᠦᠭᠡᠨ ᠤ ᠵᠣᠷᠢᠭ︾ ᠢ ᠪᠣᠶ ᠪᠤᠯᠭᠠᠨ᠂ ᠰᠢᠨ᠎ᠡ ᠲᠠᠪᠤᠨ ᠵᠢᠯ  ᠳᠡᠭᠡᠨ ᠤᠯᠠᠮ ᠢᠯᠡᠬᠦᠦ ᠡᠷᠡᠯᠬᠡᠭᠯᠡᠨ ᠲᠡᠮᠡᠴᠡᠵᠦ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠲᠠᠢ ᠰᠡᠳᠬᠢᠯ  ᠨᠢᠭᠡᠳᠬᠡᠨ ᠬᠦᠴᠦ ᠪᠠᠨ ᠬᠠᠮᠲᠤᠳᠬᠠᠵᠤ᠂ ᠵᠣᠷᠢᠭᠲᠠᠶ ᠪᠠᠷ ᠤᠷᠤᠭᠰᠢᠯᠠᠨ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠥᠬᠡᠶ ᠪᠠᠶᠢᠵᠤ᠂ ᠪᠠᠶᠠᠨ ᠴᠢᠨᠡᠭᠡᠯᠢᠭ᠂ ᠪᠣᠯᠪᠠᠰᠤᠨ ᠰᠠᠶᠢᠬᠠᠨ᠂ ᠡᠶ᠎ᠡ ᠵᠣᠬᠢᠴᠠᠯ ᠲᠠᠢ᠂ ᠦᠵᠡᠰᠬᠦᠯᠡᠩᠲᠦ ᠲᠠᠩᠰᠤᠭ ᠲᠠᠶᠢᠹᠤᠰᠧ ᠬᠤᠰᠢᠭᠤ ᠶᠢ ᠲᠦᠷᠭᠡᠨ ᠪᠠᠶᠢᠭᠤᠯᠬᠤ ᠶᠢᠨ ᠲᠥᠯᠥᠭᠡ ᠴᠥᠬᠦᠷᠡᠰᠢ ᠥᠬᠡᠶ ᠲᠡᠮᠡᠴᠡᠨ᠎ᠡ ᠬᠡᠵᠦ ᠢᠯᠡᠷᠭᠡᠶᠢᠯᠡᠭᠰᠡᠨ ᠪᠠᠶᠢᠨ᠎ᠠ᠃ ᠬᠤᠰᠢᠭᠤᠨ ᠤ ᠰᠢᠭᠤᠳ ᠬᠠᠷᠢᠶ᠎ᠠ ᠨᠠᠮ ᠵᠠᠰᠠᠭ ᠤᠨ ᠪᠠᠶᠢᠭᠤᠯᠭ᠎ᠠ ᠠᠵᠤ ᠠᠬᠤᠶᠢᠯᠠᠯ ᠠᠵᠢᠯ  ᠦᠢᠯᠡᠰ ᠤᠨ ᠨᠢᠭᠡᠴᠡ᠂  ᠲᠠᠶᠢᠹᠤᠰᠧ ᠳᠤ ᠰᠠᠭᠤᠭ᠎ᠠ ᠡᠯ᠎ᠡ ᠨᠢᠭᠡᠴᠡ ᠶᠢᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠵᠠᠶ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号