ᠨᠡᠶᠢᠬᠡᠮ ᠲᠤᠭᠤᠷᠢᠭ ᠤᠨ ᠬᠢᠨ ᠨᠠᠰᠤᠲᠠᠶᠢᠴᠤᠳ ᠳᠤ ᠦᠨ᠎ᠡ ᠲᠦᠯᠦᠪᠦᠷᠢ ᠦᠬᠡᠢ ᠪᠡᠶ᠎ᠡ ᠶᠢᠨ ᠪᠠᠶᠢᠴᠠᠭᠠᠯᠳᠠ ᠬᠢᠵᠦ ᠦᠭᠬᠦᠯ᠎ᠡ
ᠨᠡᠶᠢᠲᠡᠯᠡᠭᠰᠡᠨ ᠴᠠᠭ᠄
2022/10/1
   ᠦᠨᠳᠦᠰᠦᠨ ᠡᠮ ᠡᠮᠨᠡᠯᠭᠡ   ᠶᠢᠨ ᠦᠢᠯᠡᠴᠢᠯᠡᠭᠡ ᠶᠢ ᠨᠠᠰᠤᠲᠠᠶᠢᠴᠤᠳ ᠲᠤ  ᠬᠦᠷᠬᠡᠵᠦ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠪᠠᠶᠢᠳᠠᠯ ᠢ ᠡᠵᠡᠮᠰᠢᠨ᠂ ᠡᠪᠡᠳᠴᠢᠨ ᠲᠠᠬᠤᠯ ᠢ ᠨᠢ ᠡᠷᠲᠡ ᠢᠯᠡᠷᠡᠬᠦᠯᠵᠦ ᠡᠷᠲᠡ ᠵᠠᠰᠠᠬᠤ ᠶᠢᠨ ᠲᠦᠯᠦᠭᠡ᠂ ᠲᠠᠶᠢᠹᠤᠰᠧ ᠬᠤᠰᠢᠭᠤᠨ ᠤ  ᠰᠢᠨ ᠬᠤᠸᠠ ᠨᠡᠶᠢᠬᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠨᠢ ᠤᠶᠢᠷ᠎ᠠ ᠳᠤ ᠬᠤᠰᠢᠭᠤᠨ ᠤ  ᠬᠢᠳᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠲᠠᠢ ᠬᠠᠮᠳᠤᠷᠠᠨ᠂ ᠬᠠᠷᠢᠶ᠎ᠠ ᠣᠷᠣᠨ ᠤ ᠪᠠᠨ 65 ᠠᠴᠠ ᠳᠡᠭᠡᠭᠰᠢᠬᠢ ᠨᠠᠰᠤᠨ ᠤ ᠬᠦᠮᠦᠰ ᠲᠤ ᠦᠨ᠎ᠡ ᠲᠦᠯᠦᠪᠦᠷᠢ ᠦᠭᠡᠢ  ᠪᠡᠶ᠎ᠡ ᠶᠢᠨ ᠪᠠᠶᠢᠴᠠᠭᠠᠯᠲᠠ ᠬᠢᠵᠦ ᠦᠭᠴᠡᠢ᠃ ᠥᠷᠯᠥᠭᠡ ᠶᠢᠨ 7 ᠴᠠᠭ ᠲᠤ᠂ ᠡᠮᠴᠢ ᠰᠤᠪᠢᠯᠠᠭᠴᠢᠳ ᠲᠣᠭᠲᠠᠭᠰᠠᠨ ᠴᠠᠭ ᠲᠠᠭᠠᠨ ᠠᠵᠢᠯ ᠤᠨ ᠪᠠᠶᠢᠷᠢ ᠳᠠᠭᠠᠨ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ ᠪᠡᠯᠡᠳᠬᠡᠯ ᠠᠵᠢᠯ ᠢ ᠰᠠᠶᠢᠨ ᠬᠢᠭᠰᠡᠨ ᠤ ᠲᠠᠷᠠᠭ᠎ᠠ᠂  ᠨᠠᠰᠤᠲᠠᠶᠢᠴᠤᠳ ᠨᠡᠶᠢᠬᠡᠮ ᠲᠤᠭᠤᠷᠢᠭ ᠤᠨ ᠠᠵᠢᠯᠲᠠᠨ ᠤ ᠵᠢᠯᠣᠭᠤᠳᠤᠯᠭ᠎ᠠ ᠳᠣᠣᠷ᠎ᠠ ᠡᠮᠬᠢ ᠵᠢᠷᠤᠮ ᠲᠠᠢ ᠪᠠᠷ ᠮᠥᠷᠯᠡᠨ ᠵᠢᠬᠰᠠᠵᠤ᠂  ᠡᠪᠡᠳᠴᠢᠨ ᠬᠡᠮ ᠢᠶᠠᠨ ᠪᠠᠶᠢᠴᠠᠭᠠᠯᠭᠠᠨ ᠤᠨᠤᠰᠢᠯᠠᠭᠤᠯᠤᠭᠰᠠᠨ ᠪᠠᠶᠢᠯ᠎ᠠ  ᠃ ᠡᠨᠡ ᠤᠳᠠᠭᠠᠨ ᠤ  ᠪᠠᠶᠢᠴᠠᠭᠠᠯᠲᠠ ᠶᠢᠨ ᠲᠦᠷᠦᠯ ᠳᠤ ᠭᠤᠣᠯᠳᠠᠭᠤ ᠴᠢᠰᠤᠨ ᠤ  ᠬᠡᠪ ᠤᠨ ᠪᠠᠶᠢᠴᠠᠭᠠᠯᠳᠠ᠂ ᠴᠢᠰᠤᠨ ᠳᠠᠷᠤᠯᠲᠠ ᠬᠡᠮᠵᠢᠬᠦ᠂ ᠵᠢᠷᠦᠬᠡᠨ ᠤ ᠯᠤᠭᠰᠢᠯᠲᠠ ᠶᠢᠨ ᠵᠢᠷᠤᠭ᠂ B ᠬᠡᠳᠦ ᠳᠣᠯᠭᠢᠶᠠᠨ ᠵᠡᠷᠭᠡ  ᠪᠠᠭᠳᠠᠨ᠎ᠠ᠃  ᠪᠠᠶᠢᠴᠠᠭᠠᠯᠲᠠ ᠬᠢᠬᠦ ᠠᠴᠠ ᠭᠠᠳᠠᠨ᠎ᠠ᠂ ᠡᠮᠴᠢ ᠰᠤᠪᠢᠯᠠᠭᠴᠢᠳ ᠪᠠᠰᠠ ᠨᠠᠰᠤᠲᠠᠶᠢᠴᠤᠳ ᠤᠨ ᠡᠳᠦᠷ ᠲᠤᠲᠤᠮ ᠤᠨ ᠠᠮᠢᠳᠤᠷᠠᠯ᠂  ᠤᠯᠵᠤ ᠥᠩᠭᠡᠷᠡᠭᠰᠡᠨ ᠡᠪᠡᠳᠴᠢᠨ ᠬᠠᠭᠤᠴᠢ ᠶᠢ ᠨᠢ ᠨᠠᠷᠢᠨ ᠨᠢᠮᠪᠠᠢ ᠠᠰᠠᠭᠤᠨ ᠯᠠᠪᠯᠠᠬᠤ ᠶᠢᠨ ᠬᠠᠮᠳᠤ ᠨᠠᠰᠤᠲᠠᠶᠢᠴᠤᠳ ᠤᠨ ᠠᠮᠢᠳᠤᠷᠠᠯ ᠤᠨ ᠵᠢᠮ᠎ᠡ ᠲᠠᠢ ᠤᠶᠠᠯᠳᠤᠭᠤᠯᠤᠨ ᠡᠷᠡᠭᠦᠯ ᠮᠡᠨᠳᠦ ᠶᠢᠨ ᠵᠢᠯᠣᠭᠤᠳᠤᠯᠭ᠎ᠠ ᠥᠭᠴᠦ᠂  ᠨᠠᠮ ᠵᠠᠰᠠᠭ  ᠠᠴᠠ ᠨᠠᠰᠤᠲᠠᠶᠢᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠦᠨᠳᠦᠳᠬᠡᠨ ᠬᠠᠯᠠᠮᠵᠢᠯᠠᠵᠤ ᠪᠠᠶᠢᠬᠤ ᠶᠢ ᠮᠡᠳᠡᠷᠡᠬᠦᠯᠦᠨ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ   ᠠᠰᠢᠭ ᠲᠤᠰᠠ ᠶᠢ  ᠢᠯᠡᠷᠡᠬᠦᠯᠦᠭᠰᠡᠨ ᠪᠠᠶᠢᠨ᠎ᠠ᠃  ᠲᠤᠰ ᠬᠤᠰᠢᠭᠤᠨ ᠤ  11 ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ 2 ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ   ᠨᠢ 4 ᠰᠠᠷ᠎ᠠ ᠠᠴᠠ ᠡᠬᠢᠯᠡᠨ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠠᠵᠢᠯᠯᠠᠭ᠎ᠠ ᠦᠷᠨᠢᠬᠦᠯᠵᠦ᠂ ᠣᠲᠣ ᠪᠣᠯᠲᠠᠯ᠎ᠠ ᠨᠡᠶᠢᠳᠡ 65 ᠨᠠᠰᠤᠨ ᠠᠴᠠ ᠳᠡᠭᠡᠭᠰᠢᠬᠢ  4114 ᠬᠥᠮᠥᠨ ᠳᠤ ᠪᠡᠶ᠎ᠡ ᠶᠢᠨ ᠪᠠᠶᠢᠴᠠᠭᠠᠯᠲᠠ ᠬᠢᠵᠦ ᠥᠭᠴᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号