ᠲᠡᠦᠬᠡ ᠪᠠᠨ ᠪᠠᠲᠤ ᠴᠡᠭᠡᠵᠢᠯᠡᠵᠦ ᠪᠠᠭᠠᠲᠤᠷᠴᠤᠳ ᠢᠶᠠᠨ ᠡᠬᠦᠷᠢᠳᠡ ᠰᠠᠨᠠᠭᠠᠯᠵᠠᠨ᠎ᠠ
ᠨᠡᠶᠢᠲᠡᠯᠡᠭᠰᠡᠨ ᠴᠠᠭ᠄
2022/10/1
   9 ᠰᠠᠷ᠎ᠠ ᠶᠢᠨ 30  ᠤ ᠦᠳᠡ ᠶᠢᠨ ᠡᠮᠦᠨ᠎ᠡ᠂  ᠲᠠᠶᠢᠹᠤᠰᠧ ᠬᠤᠰᠢᠭᠤ ᠬᠤᠪᠢᠰᠬᠠᠯᠴᠢ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠤᠨ ᠨᠡᠶᠢᠲᠡ ᠶᠢᠨ ᠲᠠᠬᠢᠯᠭ᠎ᠠ ᠶᠢᠨ ᠠᠵᠢᠯᠯᠠᠭ᠎ᠠ ᠥᠷᠨᠢᠭᠦᠯᠵᠦ᠂  ᠦᠷᠡᠭᠳᠡᠭᠰᠡᠨ ᠪᠠᠭᠠᠲᠤᠷᠴᠤᠳ ᠤᠨ ᠠᠭᠤᠤ ᠶᠡᠭᠡ ᠭᠠᠪᠢᠶ᠎ᠠ ᠠᠤᠭ᠎ᠠ ᠵᠢᠳᠬᠦᠯ ᠢ ᠳᠤᠷᠠᠰᠤᠨ ᠰᠠᠨᠠᠭᠠᠯᠵᠠᠵᠤ᠂ ᠬᠦᠨᠳᠦᠳᠬᠡᠨ ᠪᠢᠰᠢᠷᠡᠵᠦ ᠪᠠᠶᠢᠬᠤ ᠪᠠᠨ ᠢᠯᠡᠳᠬᠡᠪᠡ᠃ ᠬᠤᠰᠢᠭᠤᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ᠂  ᠰᠢᠬᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ ᠵᠢᠴᠢ ᠡᠯ᠎ᠡ ᠡᠲᠡᠭᠡᠳ ᠤᠨ ᠬᠥᠮᠥᠰ ᠢᠶᠠᠷ ᠪᠦᠷᠢᠯᠳᠦᠭᠰᠡᠨ ᠵᠠᠭᠤ ᠭᠠᠷᠤᠢ ᠬᠥᠮᠥᠨ ᠨᠡᠶᠢᠲᠡ ᠶᠢᠨ ᠲᠠᠬᠢᠯᠭ᠎ᠠ ᠳᠤ ᠣᠷᠣᠯᠴᠠᠵᠠᠢ᠃  ᠦᠳᠡ ᠶᠢᠨ ᠡᠮᠦᠨᠡᠬᠢ 9 ᠴᠠᠭ ᠲᠤ᠂  ᠲᠠᠬᠢᠯᠭ᠎ᠠ ᠳᠤ ᠣᠷᠣᠯᠴᠠᠭᠰᠠᠨ ᠪᠦᠬᠦ ᠬᠥᠮᠥᠰ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ  ᠬᠦᠰᠢᠶᠡᠨ ᠤ ᠡᠮᠦᠨ᠎ᠡ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ︾ ᠶᠢ ᠬᠠᠮᠳᠤ ᠪᠠᠷ ᠲᠠᠭᠤᠯᠠᠨ ᠂ ᠳᠠᠷᠠᠭ᠎ᠠ ᠪᠠᠷ ᠨᠢ ᠪᠠᠭᠠᠴᠤᠳ ᠤᠨ ᠬᠤᠰᠢᠭᠤᠴᠢ ᠠᠩᠭᠢ ᠶᠢᠨ ᠲᠥᠯᠥᠭᠡᠯᠡᠭᠴᠢ ᠠᠴᠠ ︽ᠪᠢᠳᠡ ᠪᠣᠯ ᠡᠪ ᠬᠠᠮᠲᠤ ᠶᠣᠰᠣᠨ ᠤ ᠵᠠᠯᠭᠠᠮᠵᠢᠯᠠᠭᠴᠢ︾  ᠬᠡᠮᠡᠬᠦ ᠳᠠᠭᠤᠤ ᠶᠢ ᠬᠠᠩᠭᠢᠨᠠᠳᠠᠯ᠎ᠠ ᠲᠠᠭᠤᠯᠠᠵᠤ᠂ ᠦᠷᠡᠭᠳᠡᠭᠰᠡᠨ ᠪᠠᠭᠠᠲᠤᠷᠴᠤᠳ ᠤᠨ ᠠᠷᠢᠭᠤᠨ ᠰᠦᠨᠡᠰᠦ ᠶᠢ ᠲᠠᠶᠢᠳᠬᠤᠷᠠᠭᠤᠯᠤᠨ᠂  ᠠᠬᠠᠮᠠᠳ ᠦᠶ᠎ᠡ ᠶᠢᠨ ᠢᠷᠠᠭᠤ ᠠᠯᠳᠠᠷᠲᠤ ᠤᠯᠠᠮᠵᠢᠯᠠᠯ ᠢ ᠵᠠᠯᠭᠠᠮᠵᠢᠯᠠᠵᠤ᠂ ᠬᠦᠰᠡᠯᠡᠩ ᠤᠨ ᠲᠥᠯᠥᠭᠡ ᠡᠷᠡᠯᠬᠡᠭᠯᠡᠨ ᠤᠷᠤᠭᠰᠢᠯᠠᠬᠤ ᠠᠯᠤᠰ ᠬᠡᠳᠦ ᠶᠢᠨ ᠬᠦᠰᠡᠯ ᠵᠣᠷᠢᠯᠲᠠ ᠪᠠᠨ  ᠢᠯᠡᠳᠭᠡᠭᠰᠡᠨ ᠪᠠᠶᠢᠨ᠎ᠠ᠃  ᠬᠤᠰᠢᠭᠤᠨ ᠤ ᠤᠳᠤᠷᠢᠳᠤᠯᠭ᠎ᠠ ᠵᠤᠤ ᠹᠧᠢ  ᠫᠧᠩ᠂ ᠯᠢ ᠵᠠᠨ ᠷᠦᠢ᠂ ᠴᠧᠨ ᠶᠠᠨ ᠪᠦᠦ᠂ ᠴᠢ ᠵᠢᠦ ᠴᠧᠩ ᠳᠤᠷᠠᠰᠬᠠᠯ ᠤᠨ ᠬᠦᠰᠢᠶᠡᠨ ᠤ ᠡᠮᠦᠨ᠎ᠡ ᠲᠥᠪ ᠬᠢᠴᠢᠶᠡᠩᠭᠦᠢ ᠪᠠᠷ ᠵᠣᠭᠰᠣᠵᠤ᠂  ᠦᠷᠡᠭᠳᠡᠭᠰᠡᠨ ᠪᠠᠭᠠᠲᠤᠷᠴᠤᠳ ᠲᠤ ᠭᠤᠷᠪᠠᠨᠲᠠ ᠶᠣᠰᠣᠯᠠᠪᠠ᠃ ᠲᠠᠬᠢᠯᠭ᠎ᠠ ᠶᠢᠨ ᠲᠠᠷᠠᠭ᠎ᠠ ᠬᠤᠰᠢᠭᠤᠨ ᠤ ᠲᠦᠷᠪᠡᠨ ᠶᠡᠭᠡ ᠤᠳᠤᠷᠢᠳᠬᠤ ᠪᠠᠭ ᠤᠨ ᠬᠢᠨ ᠪᠠᠰᠠ ᠦᠷᠡᠭᠳᠡᠭᠰᠡᠨ ᠪᠠᠭᠠᠲᠤᠷᠴᠤᠳ ᠤᠨ ᠤᠩᠭᠤᠨ ᠤ  ᠦᠵᠡᠭᠦᠯᠦᠯᠭᠡ ᠶᠢᠨ ᠣᠷᠳᠣᠨ ᠢ ᠲᠣᠭᠤᠷᠢᠨ ᠦᠵᠡᠵᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号