ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠥᠷᠨᠢᠭᠦᠯᠵᠦ ᠠᠷᠠᠳ ᠲᠦᠮᠡᠨ ᠤ ᠡᠷᠡᠭᠦᠯ ᠮᠡᠨᠳᠦ  ᠶᠢ ᠪᠠᠳᠤᠯᠠᠨᠠᠮ
ᠨᠡᠶᠢᠲᠡᠯᠡᠭᠰᠡᠨ ᠴᠠᠭ᠄
2022/10/1
   ᠬᠢᠵᠢᠭ ᠰᠡᠷᠭᠡᠶᠢᠯᠡᠬᠦ ᠠᠵᠢᠯ ᠢ ᠤᠯᠠᠮ ᠰᠠᠶᠢᠨ ᠬᠢᠵᠦ᠂ ᠡᠪᠡᠳᠴᠢᠨ ᠬᠢᠵᠢᠭ ᠤᠨ ᠬᠠᠯᠳᠠᠪᠤᠷᠢᠯᠠᠬᠤ ᠲᠦᠭᠰᠢᠭᠦᠷᠢ ᠶᠢ ᠪᠠᠭᠤᠷᠠᠭᠤᠯᠤᠨ᠂  ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠣᠨ ᠪᠡᠶ᠎ᠡ ᠮᠠᠬᠠᠪᠤᠳ ᠤᠨ ᠡᠷᠡᠭᠦᠯ ᠮᠡᠨᠳᠤ ᠶᠢ ᠪᠠᠳᠤᠯᠠᠬᠤ ᠶᠢᠨ ᠲᠦᠯᠦᠭᠡ᠂  9 ᠰᠠᠷ᠎ᠠ ᠶᠢᠨ 30  ᠤ ᠡᠳᠦᠷ ᠲᠠᠶᠢᠹᠤᠰᠧ ᠬᠤᠰᠢᠭᠤᠨ ᠤ  ᠡᠬᠡ  ᠤᠷᠤᠨᠴᠢ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠪᠦᠦ ᠹᠧᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠪᠤᠤᠴᠠᠩ ᠪᠠᠯᠭᠠᠰᠤᠨ ᠤ ᠳ᠋ᠢ ᠹᠠᠩ ᠽᠢ ᠲᠣᠰᠬᠤᠨ ᠤ ᠲᠤᠰᠬᠤᠨ ᠳᠤ ᠰᠠᠭᠤᠭ᠎ᠠ ᠠᠵᠢᠯᠯᠠᠬᠤ ᠠᠩᠭᠢ ᠨᠢ ᠬᠤᠯᠪᠤᠭᠠᠯᠠᠵᠤ᠂  ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠤᠬᠠᠭᠤᠯᠭ᠎ᠠ ᠪᠠᠷ ᠭᠤᠣᠯ ᠰᠡᠳᠦᠪ ᠪᠣᠯᠭᠠᠭᠰᠠᠨ  ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠵᠢᠴᠢ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃  ᠳ᠋ᠢ ᠹᠠᠩ ᠽᠢ ᠲᠣᠰᠬᠤᠨ ᠳᠤ ᠪᠤᠯᠤᠭᠰᠠᠨ ᠠᠯᠪᠠᠨ ᠵᠢᠷᠤᠮ ᠤᠨ ᠡᠮᠴᠢᠯᠡᠭᠡᠨ ᠤ ᠲᠠᠯᠠᠪᠠᠶ ᠳᠤ ᠠᠰᠠᠭᠤᠨ ᠯᠠᠪᠯᠠᠬᠤ ᠪᠠᠷ ᠢᠷᠡᠭᠰᠡᠳ ᠲᠠᠰᠤᠷᠠᠯᠲᠠ ᠦᠭᠡᠢ ᠴᠤᠪᠤᠵᠤ ᠪᠠᠶᠢᠯ᠎ᠠ᠃  ᠡᠮᠨᠡᠯᠬᠡ ᠶᠢᠨ ᠠᠵᠢᠯᠳᠠᠨ ᠠᠴᠠ ᠣᠯᠠᠨ ᠲᠦᠮᠡᠨ ᠢ  ᠬᠠᠯᠠᠭᠤᠮᠰᠠᠭ ᠢᠶᠠᠷ ᠭᠥᠯᠢᠶᠡᠨ ᠠᠪᠴᠤ᠂ ᠡᠪᠡᠳᠴᠢᠨ ᠬᠠᠭᠤᠴᠢ ᠶᠢ ᠨᠢ ᠨᠠᠷᠢᠨ ᠨᠢᠮᠪᠠᠢ  ᠠᠰᠠᠭᠤᠵᠤ ᠯᠠᠪᠯᠠᠨ ᠪᠠᠶᠢᠴᠠᠭᠠᠯᠲᠠ ᠬᠢᠬᠦ ᠶᠢᠨ ᠬᠠᠮᠲᠤ ᠡᠮᠨᠡᠨ ᠵᠠᠰᠠᠬᠤ ᠰᠠᠨᠠᠯ ᠰᠠᠨᠠᠭᠤᠯᠭ᠎ᠠ ᠪᠠᠨ  ᠦᠭᠴᠦ᠂  ᠡᠳᠦᠷ ᠲᠤᠲᠤᠮ ᠤᠨ ᠡᠷᠡᠬᠦᠯ ᠬᠠᠮᠠᠭᠠᠯᠠᠯ ᠪᠠ  ᠡᠮ ᠲᠠᠩ ᠭᠡᠷᠡᠭᠯᠡᠬᠦ ᠵᠡᠷᠭᠡ ᠲᠠᠯ᠎ᠠ ᠪᠠᠷ ᠡᠷᠡᠭᠦᠯ ᠮᠡᠨᠳᠦ ᠶᠢᠨ ᠵᠢᠯᠣᠭᠤᠳᠤᠯᠭ᠎ᠠ ᠬᠢᠭᠰᠡᠨ ᠪᠥᠭᠡᠳ ᠡᠷᠡᠭᠦᠯ ᠮᠡᠨᠳᠦ ᠡᠷᠡᠭᠦᠯ ᠬᠠᠮᠠᠭᠠᠯᠠᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠪᠠᠶᠢᠩᠭᠤ ᠲᠣᠬᠢᠶᠠᠯᠳᠤᠬᠤ ᠡᠪᠡᠳᠴᠢᠨ᠂ ᠣᠯᠠᠨ ᠡᠭᠦᠰᠬᠦ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ ᠲᠦᠭᠡᠮᠡᠯᠵᠢᠭᠦᠯᠵᠡᠢ᠃  ᠠᠵᠢᠯᠯᠠᠭᠠᠨ ᠤ ᠶᠠᠪᠤᠴᠠ ᠳᠤ ᠪᠠᠰᠠ ᠬᠤᠯᠤᠭᠠᠨ᠎ᠠ ᠤᠯᠠᠨᠳᠠᠢ ᠭᠠᠵᠠᠷ ᠲᠤ ᠬᠤᠯᠤᠭᠠᠨ᠎ᠠ ᠶᠢᠨ ᠡᠮ ᠲᠠᠯᠪᠢᠵᠤ᠂ ᠲᠣᠰᠬᠤᠨ ᠤ ᠠᠷᠠᠳ ᠲᠤ ᠠᠷᠢᠭᠤᠨ ᠴᠡᠪᠡᠷ᠂ ᠴᠡᠪᠡᠷ ᠲᠡᠭᠰᠢ᠂  ᠡᠮᠬᠢ ᠵᠢᠷᠤᠮ  ᠲᠠᠢ᠂ ᠡᠷᠡᠭᠦᠯ ᠪᠣᠯᠪᠠᠰᠤᠨ ᠠᠮᠢᠳᠤᠷᠠᠯ ᠤᠨ ᠣᠷᠴᠢᠨ ᠨᠦᠬᠦᠴᠡᠯ ᠢ ᠪᠤᠶ ᠪᠣᠯᠭᠠᠵᠤ ᠥᠭᠬᠦ ᠪᠠᠷ ᠴᠢᠷᠮᠠᠶᠢᠵᠠᠢ᠃   ᠮᠦᠨ ᠴᠤ ᠲᠣᠰᠬᠤᠨ ᠤ ᠠᠷᠠᠳ ᠢ ᠬᠥᠲᠥᠯᠥᠨ ᠵᠢᠯᠤᠭᠤᠳᠴᠤ᠂  ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠲᠠᠢ ᠪᠤᠯᠵᠠᠭᠠᠨ᠂  ᠠᠮᠠᠪᠴᠢ ᠵᠡᠭᠦᠬᠦ᠂ ᠭᠠᠷ ᠢᠶᠠᠨ  ᠤᠬᠢᠶᠠᠬᠤ᠂ ᠰᠠᠯᠬᠢ ᠨᠡᠪᠲᠡᠷᠡᠭᠦᠯᠬᠦ᠂ ᠠᠷᠢᠭᠤᠨ ᠴᠡᠪᠡᠷ ᠢ ᠡᠷᠬᠢᠮᠯᠡᠬᠦ ᠶᠢ ᠰᠠᠨᠠᠭᠠᠴᠢᠯᠠᠵᠤ᠂ ᠬᠢᠵᠢᠭ ᠤᠨ ᠲᠦᠭᠰᠢᠭᠦᠷᠢ ᠶᠢ ᠪᠠᠭᠠᠰᠬᠠᠨ᠂ ᠣᠯᠠᠨ ᠲᠦᠮᠡᠨ ᠤ ᠡᠷᠡᠭᠦᠯ ᠮᠡᠨᠳᠦ ᠶᠢᠨ ᠬᠡᠪ ᠴᠢᠨᠠᠷ ᠢ ᠲᠡᠭᠡᠭᠰᠢᠯᠡᠬᠦᠯᠦᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号