ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠵᠢᠯᠤᠭᠤᠳᠬᠤ ᠭᠠᠵᠠᠷ ᠤᠨ ᠵᠠᠷᠯᠠᠯ ︵93 ᠲᠣᠭᠠᠲᠤ︶
ᠨᠡᠶᠢᠲᠡᠯᠡᠭᠰᠡᠨ ᠴᠠᠭ᠄
2022/10/1
   ᠣᠶᠢᠷ᠎ᠠ ᠳᠤ᠂  ᠤᠷᠤᠨ ᠤ ᠲᠦᠪ ᠬᠥᠬᠡᠬᠤᠲᠠ ᠳᠤ ᠠᠷᠭ᠎ᠠ ᠴᠢᠨᠠᠷᠲᠠᠢ ᠡᠪᠡᠳᠴᠢᠨ ᠤ ᠵᠢᠱᠢᠶ᠎ᠡ ᠢᠯᠡᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠲᠤᠶᠢᠯ ᠤᠨ ᠬᠦᠴᠢᠷᠳᠡᠢ ᠪᠥᠭᠡᠳ ᠪᠤᠳᠤᠯᠢᠶᠠᠨᠲᠠᠢ ᠪᠠᠶᠢᠨ᠎ᠠ᠃ ᠮᠠᠨ ᠤ ᠬᠤᠰᠢᠭᠤᠨ ᠤ ᠪᠠᠨ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠰᠠᠶᠢᠨ ᠬᠢᠬᠦ ᠶᠢᠨ ᠲᠤᠰᠠᠳᠠ᠂ ᠠᠶᠢᠮᠠᠭ ᠤᠨ ᠵᠢᠯᠤᠭᠤᠳᠬᠤ ᠭᠠᠵᠠᠷ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃    ᠨᠢᠭᠡ᠂ 9 ᠰᠠᠷ᠎ᠠ ᠶᠢᠨ 20 ᠤ ᠡᠳᠦᠷ ᠠᠴᠠ ᠨᠠᠰᠢ ᠥᠪᠥᠷ ᠮᠣᠩᠭᠤᠯ ᠤᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠳᠤ ᠡᠪᠡᠳᠴᠢᠨ ᠦᠵᠡᠬᠦᠯᠦᠭᠰᠡᠨ ᠬᠥᠮᠥᠰ ︵ᠪᠠᠷ᠎ᠠ ᠪᠣᠯᠣᠭᠰᠠᠳ ᠴᠤ ᠪᠠᠭᠲᠠᠨ᠎ᠠ︶   ᠡᠷᠭᠡᠪᠰᠢ ︽7 ᠡᠳᠦᠷ ᠲᠥᠪᠯᠡᠷᠡᠭᠦᠯᠦᠨ ᠲᠤᠰᠠᠭᠠᠷᠯᠠᠬᠤ + ᠡᠳᠦᠷ ᠪᠦᠷᠢ  ᠪᠥᠭᠡᠮ ᠬᠦᠴᠢᠯ ᠤᠨ ᠪᠠᠶᠢᠴᠠᠭᠠᠯᠲᠡ ᠬᠢᠬᠦ︾ ᠠᠷᠭ᠎ᠠ ᠶᠢ ᠭᠡᠷᠡᠭᠵᠢᠬᠦᠯᠬᠦ ᠭᠡᠷᠡᠭᠳᠡᠢ᠂ ᠪᠤᠳᠤᠬᠤ ᠡᠳᠦᠷ ᠬᠤᠨᠤᠭ ᠢ ᠢᠷᠡᠭᠰᠡᠨ ᠡᠳᠦᠷ ᠠᠴᠠ ᠨᠢ ᠡᠬᠢᠯᠡᠵᠦ ᠪᠤᠳᠤᠨ᠎ᠠ᠃ ᠡᠭᠦᠨ ᠳᠤ ᠮᠠᠨ ᠤ ᠬᠤᠰᠢᠭᠤᠨ ᠳᠤ ᠢᠷᠡᠭᠡᠳ  ᠨᠢᠬᠡᠨᠳᠡ 7 ᠡᠳᠦᠷ ᠦᠩᠭᠡᠷᠡᠭᠰᠡᠨ ᠬᠥᠮᠥᠰ  ︽3 ᠡᠳᠦᠷ ᠭᠡᠷ ᠲᠡᠭᠡᠨ ᠠᠵᠢᠭᠯᠠᠬᠤ + ᠡᠳᠦᠷ ᠪᠦᠷᠢ ᠪᠥᠭᠡᠮ ᠬᠦᠴᠢᠯ ᠤᠨ ᠪᠠᠶᠢᠴᠠᠭᠠᠯᠲᠡ ᠬᠢᠬᠦ︾ ᠠᠷᠭ᠎ᠠ ᠶᠢ ᠭᠡᠷᠡᠭᠵᠢᠬᠦᠯᠦᠨ᠎ᠡ᠃    ᠬᠤᠶᠠᠷ᠂ ᠡᠯ᠎ᠡ ᠵᠠᠮ ᠬᠠᠷᠢᠯᠴᠠᠭᠠᠨ ᠤ ᠪᠣᠭᠤᠮᠲᠠ ᠪᠣᠯᠣᠨ ᠮᠠᠰᠢᠨ ᠲᠡᠷᠭᠡᠨ ᠤ ᠥᠷᠲᠡᠭᠡ ᠨᠢ ᠬᠥᠬᠡᠬᠤᠲᠠ   ᠠᠴᠠ  ᠢᠷᠡᠭᠰᠡᠨ ᠬᠥᠮᠥᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂  ︽ᠬᠥᠬᠡᠬᠤᠲᠠ ᠶᠢᠨ ᠺᠤᠳ᠋︾ ᠢ ᠴᠢᠩᠭ᠎ᠠ ᠨᠢᠮᠪᠠᠢ ᠰᠢᠯᠭᠠᠨ ᠪᠠᠶᠢᠴᠠᠭᠠᠬᠤ ᠭᠡᠷᠡᠭᠳᠡᠢ᠃ ᠡᠭᠦᠨ ᠳᠤ 9 ᠰᠠᠷ᠎ᠠ ᠶᠢᠨ 26 ᠤ ᠡᠳᠦᠷ ᠠᠴᠠ ᠨᠠᠰᠢᠬᠢ ᠬᠥᠬᠡᠬᠤᠲᠠ  ᠠᠴᠠ  ᠢᠷᠡᠭᠰᠡᠨ ᠬᠥᠮᠥᠰ  ︽7 ᠡᠳᠦᠷ ᠭᠡᠷ   ᠲᠡᠭᠡᠨ ᠠᠵᠢᠭᠯᠠᠬᠤ + ᠡᠳᠦᠷ ᠪᠦᠷᠢ ᠪᠥᠭᠡᠮ ᠬᠦᠴᠢᠯ ᠤᠨ ᠪᠠᠶᠢᠴᠠᠭᠠᠯᠲᠡ ᠬᠢᠬᠦ︾ ᠶᠢᠨ ᠠᠷᠭ᠎ᠠ ᠶᠢ ᠭᠡᠷᠡᠭᠵᠢᠬᠦᠯᠵᠦ᠂   ︽ ᠬᠦᠬᠡᠬᠤᠳᠠ ᠶᠢᠨ ᠺᠤᠳ᠋︾ ᠲᠡᠭᠡᠷ᠎ᠡ  ᠨᠢ ᠭᠡᠪ ᠤᠨ ᠪᠤᠰᠤ ᠪᠠᠶᠢᠳᠠᠯ ᠢᠯᠡᠷᠡᠭᠰᠡᠨ ᠬᠥᠮᠥᠰ  ︽7 ᠡᠳᠦᠷ ᠲᠥᠪᠯᠡᠷᠡᠭᠦᠯᠦᠨ ᠲᠤᠰᠠᠭᠠᠷᠯᠠᠬᠤ + ᠡᠳᠦᠷ ᠪᠦᠷᠢ ᠪᠥᠭᠡᠮ ᠬᠦᠴᠢᠯ ᠤᠨ ᠪᠠᠶᠢᠴᠠᠭᠠᠯᠳᠠ ᠬᠢᠬᠦ︾ ᠠᠷᠭ᠎ᠠ  ᠶᠢ  ᠭᠡᠷᠡᠭᠵᠢᠬᠦᠯᠦᠨ᠎ᠡ᠃ ᠪᠤᠳᠤᠬᠤ ᠡᠳᠦᠷ ᠬᠤᠨᠤᠭ ᠢ ᠪᠦᠷ ᠢᠷᠡᠭᠰᠡᠨ ᠡᠳᠦᠷ ᠠᠴᠠ ᠨᠢ ᠡᠬᠢᠯᠡᠵᠦ ᠪᠤᠳᠤᠨ᠎ᠠ᠃   ᠭᠤᠷᠪᠠ᠂ ᠪᠠᠶᠢᠩᠭᠤ ᠶᠢᠨ ᠴᠢᠨᠠᠷᠲᠠᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ᠂ ︽ᠤᠯᠠᠭᠠᠨ ᠤ ᠶᠠᠪᠤᠳᠠᠯ ᠢ ᠬᠤᠶᠢᠰᠢᠯᠠᠭᠤᠯᠬᠤ᠂ ᠴᠠᠭᠠᠨ ᠤ ᠶᠠᠪᠤᠳᠠᠯ ᠢ ᠳᠥᠭᠦᠮᠴᠢᠯᠡᠬᠦ᠂ ᠳᠠᠶᠢᠯᠠᠯᠭ᠎ᠠ ᠴᠠᠶᠢᠯᠠᠯᠭ᠎ᠠ  ᠪᠠᠨ ᠵᠤᠭᠰᠤᠭᠠᠬᠤ︾ ᠶᠢ ᠰᠠᠨᠠᠭᠠᠴᠢᠯᠠᠨ᠎ᠠ᠃  ᠡᠯ᠎ᠡ ᠲᠥᠷᠥᠯ ᠤᠨ  ᠳᠡᠯᠭᠡᠭᠦᠷ ᠬᠤᠳᠠᠯᠳᠤᠭ᠎ᠠ᠂  ᠬᠤᠭᠤᠯᠠᠨ ᠭᠡᠷ᠂ ᠵᠤᠭ᠎ᠠ ᠴᠡᠩᠭᠡᠬᠦᠨ ᠤ ᠭᠠᠵᠠᠷ ᠵᠡᠷᠭᠡ ᠭᠤᠣᠯᠳᠠᠯᠭ᠎ᠠ ᠲᠠᠢ ᠲᠠᠯᠠᠪᠤᠷ ᠨᠢ ᠪᠦᠷ ︽ᠰᠢᠯᠢ ᠶᠢᠨ ᠺᠤᠳ᠋︾ ᠂ ᠲᠠᠯᠠᠪᠤᠷ ᠤᠨ ᠺᠤᠳ᠋᠂ ᠡᠷᠡᠭᠦᠯ ᠮᠡᠨᠳᠦ ᠶᠢᠨ  ᠺᠤᠳ᠋᠂ ᠠᠶᠠᠯᠠᠯ ᠤᠨ ᠺᠤᠳ᠋ ᠢ ᠰᠢᠯᠭᠠᠨ ᠪᠠᠶᠢᠴᠠᠭᠠᠬᠤ ᠶᠢᠨ ᠬᠠᠮᠳᠤ᠂  ᠬᠠᠯᠠᠭᠤᠨ ᠢ ᠬᠡᠮᠵᠢᠬᠦ᠂ ᠠᠮᠠᠪᠴᠢ ᠵᠡᠭᠦᠬᠦ᠂ ᠰᠠᠯᠬᠢ ᠨᠡᠪᠳᠡᠷᠡᠬᠦᠯᠬᠦ᠂  ᠠᠷᠢᠭᠤᠳᠬᠠᠯ ᠬᠢᠬᠦ᠂  ᠠᠵᠢᠯᠳᠠᠳ ᠤᠨ ᠢᠶᠠᠨ ᠡᠷᠡᠭᠦᠯ ᠮᠡᠨᠳᠦ ᠳᠤ ᠬᠢᠨᠠᠯᠳᠠ ᠲᠠᠯᠪᠢᠬᠤ ᠵᠡᠷᠭᠡ ᠡᠯ᠎ᠡ  ᠲᠦᠷᠦᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂   ᠬᠢᠵᠢᠭ   ᠤᠨ ᠪᠠᠶᠢᠳᠠᠯ ᠢ ᠡᠷᠲᠡ ᠢᠯᠡᠷᠡᠬᠦᠯᠦᠨ ᠣᠨᠣᠴᠠᠲᠠᠢ ᠡᠵᠡᠮᠳᠡᠬᠦ ᠬᠡᠷᠡᠭᠲᠡᠢ᠃   ᠳᠥᠷᠪᠡ᠂ ᠠᠷᠠᠳ ᠢᠷᠭᠡᠳ ᠦᠪᠡᠷ ᠤᠨ ᠪᠡᠶ᠎ᠡ ᠪᠡ  ᠭᠡᠷ ᠤᠨ ᠬᠥᠮᠥᠰ ᠤᠨ ᠢᠶᠠᠨ ᠡᠷᠡᠭᠦᠯ ᠮᠡᠨᠳᠦ ᠶᠢᠨ ᠪᠠᠶᠢᠳᠠᠯ ᠢ ᠴᠠᠭ ᠲᠤᠬᠠᠢ ᠳᠤᠨᠢ ᠠᠩᠬᠠᠷᠴᠤ᠂  ᠭᠡᠷᠪᠡ ᠬᠠᠯᠠᠭᠤᠷᠠᠬᠤ᠂ ᠬᠠᠭᠤᠷᠠᠢ ᠪᠠᠷ ᠬᠠᠨᠢᠶᠠᠬᠤ᠂ ᠲᠠᠮᠢᠷᠳᠠᠬᠤ᠂ ᠬᠤᠭᠤᠯᠠᠢ ᠡᠪᠡᠳᠬᠦ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂ ᠰᠡᠷᠭᠡᠶᠢᠯᠡᠯᠳᠡ ᠬᠠᠮᠠᠭᠠᠯᠠᠯᠳᠠ ᠪᠠᠨ ᠰᠠᠶᠢᠲᠤᠷ ᠬᠢᠭᠰᠡᠨ ᠤᠷᠢᠲᠠᠯ ᠳᠣᠣᠷ᠎ᠠ ᠲᠠᠷᠤᠢ ᠲᠦᠷᠭᠡᠨ  ᠬᠤᠰᠢᠭᠤ ᠡᠮᠨᠡᠯᠭᠡ ᠶᠢᠨ ᠬᠤᠷᠢᠶᠠᠨ ᠳᠤ ᠬᠦᠷᠴᠦ ᠪᠠᠶᠢᠴᠠᠭᠠᠯᠭᠠᠨ ᠡᠮᠨᠡᠬᠦᠯᠬᠦ ᠭᠡᠷᠡᠭᠳᠡᠢ᠃ ᠬᠡᠬᠦ ᠳᠡᠭᠡᠨ ᠣᠯᠠᠨ ᠨᠡᠶᠢᠲᠡ ᠶᠢᠨ ᠮᠠᠰᠢᠨ ᠬᠦᠰᠭᠡ ᠳᠤ ᠰᠠᠭᠤᠬᠤ ᠠᠴᠠ ᠠᠯᠢ ᠴᠢᠳᠠᠬᠤ ᠪᠠᠷ ᠵᠠᠶᠢᠯᠠᠰᠬᠢᠨ᠎ᠡ᠃   ᠲᠠᠪᠤ᠂ ᠲᠤᠰ ᠭᠠᠵᠠᠷ ᠲᠠᠭᠠᠨ ᠪᠠᠶᠠᠷ ᠤᠨ ᠡᠳᠦᠷ ᠢ ᠥᠩᠭᠡᠷᠡᠭᠦᠯᠬᠦ ᠶᠢ ᠰᠠᠨᠠᠭᠠᠴᠢᠯᠠᠨ᠎ᠠ᠃ ᠬᠥᠬᠡᠬᠤᠲᠠ ᠶᠢᠨ ᠬᠦᠮᠦᠨ ᠤᠨᠴᠠᠭᠠᠢ ᠴᠢᠬᠤᠯᠠ ᠦᠬᠡᠢ ᠪᠤᠯ ᠲᠠᠶᠢᠹᠤᠰᠧ ᠬᠤᠰᠢᠭᠤᠨ ᠳᠤ ᠪᠢᠳᠡᠭᠡᠢ ᠢᠷᠡᠭᠳᠦᠨ ᠬᠡᠮᠡᠨ ᠰᠠᠨᠠᠭᠠᠴᠢᠯᠠᠵᠤ ᠪᠠᠶᠢᠨ᠎ᠠ᠂ ᠭᠠᠳᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠪᠦᠬᠦᠶᠢᠯᠡ ᠬᠥᠮᠥᠰ ᠡᠷᠬᠡᠪᠰᠢ ᠥᠪᠡᠷ ᠤᠨ ᠪᠠᠶᠢᠭ᠎ᠠ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠪᠤᠶᠤ ᠵᠣᠴᠢᠳ ᠤᠨ ᠪᠠᠭᠤᠳᠠᠯ ᠳᠤ ᠤᠬᠠᠮᠰᠠᠷ  ᠠᠴᠠ ᠪᠠᠨ ᠤᠷᠢᠳᠴᠢᠯᠠᠨ  ᠳᠠᠩᠰᠠᠯᠠᠭᠤᠯᠵᠤ᠂ ᠣᠶᠢᠷ᠎ᠠ ᠶᠢᠨ 7 ᠡᠳᠦᠷ ᠲᠠᠬᠢ  ᠬᠤᠪᠢ ᠬᠥᠮᠥᠨ ᠤ ᠵᠠᠮ ᠮᠦᠷ ᠤᠨ ᠪᠠᠶᠢᠳᠠᠯ ᠢᠶᠠᠨ ᠦᠨᠡᠨ ᠮᠥᠨ ᠢᠶᠠᠷ ᠨᠢ ᠮᠡᠳᠡᠬᠦᠯᠬᠦ ᠬᠡᠷᠡᠭᠲᠡᠢ᠃   ᠵᠢᠷᠭᠤᠭ᠎ᠠ᠂  ᠬᠢᠵᠢᠭ ᠰᠡᠷᠭᠡᠶᠢᠯᠡᠬᠦ ᠠᠵᠢᠯ ᠳᠤ ᠬᠠᠮᠵᠢᠯᠴᠠᠬᠤ ᠦᠬᠡᠢ᠂  ᠮᠡᠳᠡᠭᠡ ᠵᠠᠩᠬᠢ ᠪᠠᠨ ᠮᠡᠳᠡᠭᠦᠯᠵᠦ ᠳᠠᠩᠰᠠᠯᠠᠭᠤᠯᠤᠭᠰᠠᠨ ᠦᠭᠡᠢ ᠪᠤᠶᠤ ᠦᠨᠡᠨ ᠪᠠᠶᠢᠳᠠᠯ ᠢᠶᠠᠨ ᠨᠢᠭᠤᠵᠤ ᠲᠠᠷᠤᠭᠰᠠᠨ  ᠂  ᠪᠠᠶᠢᠴᠠᠭᠠᠯᠲᠠ ᠠᠴᠠ ᠲᠤᠳᠠᠭᠠᠵᠤ ᠵᠠᠶᠢᠯᠠᠭᠰᠠᠨ᠂ ᠡᠯ᠎ᠡ  ᠲᠦᠷᠦᠯ ᠤᠨ ᠰᠡᠷᠭᠡᠶᠢᠯᠡᠨ ᠡᠵᠡᠮᠳᠡᠬᠦ ᠠᠷᠭ᠎ᠠ ᠲᠦᠷᠢᠮ ᠢ ᠲᠡᠪᠴᠢᠭᠰᠡᠨ ᠪᠤᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠤᠯᠭᠤᠬᠤ ᠬᠠᠤᠯᠢ︾ ᠶᠢ ᠦᠨᠳᠦᠰᠦᠯᠡᠨ ᠬᠠᠷᠢᠭᠤᠴᠠᠯᠭ᠎ᠠ ᠨᠡᠬᠡᠮᠵᠢᠯᠡᠬᠦ ᠪᠠ ᠵᠠᠯᠠᠬᠠᠭᠠᠨ ᠰᠢᠳᠬᠡᠨ᠎ᠡ᠂ ᠬᠦᠨᠳᠦ ᠨᠣᠴᠢᠲᠠᠢ ᠦᠷ᠎ᠡ ᠨᠦᠯᠦᠭᠡ ᠭᠠᠷᠭᠠᠭᠰᠠᠨ ᠪᠤᠯ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠤᠲᠠᠰᠤ᠄ 0479 ︱ 5230665    ᠬᠤᠰᠢᠭᠤᠨ ᠤ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ ᠤᠨ ᠤᠲᠠᠰᠤ᠄ 13947999675    ᠪᠤᠤᠴᠠᠩ  ᠪᠠᠯᠭᠠᠰᠤ ︵ᠨᠡᠶᠢᠭᠡᠮ ᠲᠣᠭᠤᠷᠢᠭ︶ ᠶᠢᠨ ᠵᠢᠵᠢᠭᠦᠷᠯᠡᠬᠦ ᠤᠲᠠᠰᠤ᠄ 0479 ︱ 5222227    ᠵᠢᠶᠠᠨ ᠰᠢᠩ ᠨᠡᠶᠢᠭᠡᠮ ᠲᠣᠭᠤᠷᠢᠭ᠄ 13644792511    ᠪᠦᠦ ᠹᠧᠩ ᠨᠡᠶᠢᠭᠡᠮ ᠲᠣᠭᠤᠷᠢᠭ᠄ 13947930729    ᠨᠠᠨ ᠵᠢᠶᠣᠣ ᠨᠡᠶᠢᠭᠡᠮ ᠲᠣᠭᠤᠷᠢᠭ᠄ 18847938988    ᠰᠢᠨ ᠬᠤᠸᠠ ᠲᠣᠭᠤᠷᠢᠭ᠄ 13947395770     ᠲᠠᠢ ᠫᠢᠩ ᠨᠡᠶᠢᠭᠡᠮ ᠲᠣᠭᠤᠷᠢᠭ᠄ 15849930009    ᠳ᠋ᠦᠩ ᠵᠢᠶᠣᠣ ᠨᠡᠶᠢᠭᠡᠮ ᠲᠣᠭᠤᠷᠢᠭ᠄ 13947966967    ᠬᠦᠨᠪᠤᠯᠠᠭ ᠰᠤᠮᠤ  ᠄ 0479 ︱ 5887015       13234794613    ᠴᠢᠶᠠᠨ ᠶᠢᠨ ᠭᠧᠦ ᠪᠠᠯᠭᠠᠰᠤ᠄ 0479-2265514    15249535203    ᠬᠤᠩ ᠴᠢ ᠪᠠᠯᠭᠠᠰᠤ᠄ 0479 ︱ 5823064    ᠯᠦᠸᠧ ᠲᠦᠸᠧ ᠱᠠᠨ ᠪᠠᠯᠭᠠᠰᠤ᠄ 0479 ︱ 5855017    ᠶᠦᠩ ᠹᠧᠩ ᠪᠠᠯᠭᠠᠰᠤ  ᠄ 0479-2265106    ᠰᠢᠩ ᠹᠦ᠋ ᠰᠢᠶᠠᠩ᠄ 0479-5899968  15547956376                                                  ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ            ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠵᠢᠯᠤᠭᠤᠳᠬᠤ ᠭᠠᠵᠠᠷ                                                                             2022 ᠣᠨ ᠤ 9 ᠰᠠᠷ᠎ᠠ ᠶᠢᠨ 30 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号