ᠪᠠᠯᠭᠠᠰᠤᠨ ᠤ ᠨᠠᠮ ᠤᠨ ᠪᠠᠶᠢᠭᠤᠯᠤᠯᠲᠠ ᠶᠢᠨ ᠠᠵᠢᠯ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠳᠤᠯᠤᠯᠳᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ | ᠵᠣᠯᠭᠠᠭᠤᠯᠬᠤ ᠠᠵᠢᠯ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠴᠢᠨᠠᠭᠰᠢᠳᠠ | ᠠᠬᠢᠭᠤᠯᠬᠤ ᠶᠢᠨ ᠲᠥᠯᠥᠭᠡ᠂ 9 ᠰᠠᠷ᠎ᠠ ᠶᠢᠨ 29 ᠤ ᠡᠳᠦᠷ ᠯᠥᠸᠧ ᠲᠦᠸᠧ ᠱᠠᠨ ᠪᠠᠯᠭᠠᠰᠤᠨ ᠤ ᠬᠢᠨ | ᠤᠳᠤᠷᠢᠳᠬᠤ ᠪᠠᠭ ᠤᠨ ᠭᠡᠰᠢᠬᠦᠳ ᠪᠠ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠶᠢ ᠵᠣᠬᠢᠶᠠᠨ ᠪᠠᠶᠢᠭᠤᠯᠵᠤ | ᠪᠤᠤᠴᠠᠩ ᠪᠠᠯᠭᠠᠰᠤ᠂ ᠴᠢᠶᠠᠨ ᠶᠢᠨ ᠭᠧᠦ ᠪᠠᠯᠭᠠᠰᠤ ᠪᠠᠷ ᠲᠣᠭᠤᠷᠢᠨ ᠦᠵᠡᠵᠦ ᠰᠤᠷᠤᠯᠴᠠᠨ ᠰᠣᠯᠢᠯᠴᠠᠬᠤ ᠠᠵᠢᠯᠯᠠᠭ᠎ᠠ | ᠥᠷᠨᠢᠭᠦᠯᠵᠡᠢ᠃ ᠲᠤᠭᠤᠷᠢᠨ ᠰᠤᠷᠤᠯᠴᠠᠬᠤ ᠪᠦᠯᠬᠦᠮ ᠤᠨ ᠬᠢᠨ ᠤᠷᠢᠳᠠᠪᠠᠷ ᠳ᠋ᠠ ᠭᠧ ᠳ᠋ᠦᠩ ᠲᠣᠰᠬᠤᠨ ᠳᠤ | ᠬᠦᠷᠴᠦ᠂ ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠰᠠᠭᠤᠷᠢᠨ ᠭᠠᠵᠠᠷ ᠤᠨ ᠪᠠᠶᠢᠭᠤᠯᠤᠯᠲᠠ᠂ | ᠨᠠᠮ ᠤᠨ ᠪᠠᠶᠢᠭᠤᠯᠤᠯᠲᠠ ᠶᠢᠨ ᠳᠠᠩᠰᠠ ᠡᠪᠬᠡᠮᠡᠯ ᠵᠡᠷᠭᠡ ᠵᠥᠭᠡᠯᠡᠨ ᠲᠤᠨᠤᠭ ᠤᠨ ᠪᠠᠶᠢᠭᠤᠯᠤᠯᠲᠠ ᠶᠢ ᠶᠢ ᠲᠤᠬᠠᠢ ᠶᠢᠨ | ᠭᠠᠵᠠᠷ ᠲᠤᠨᠢ ᠲᠣᠭᠤᠷᠢᠨ ᠦᠵᠡᠭᠰᠡᠨ ᠪᠥᠭᠡᠳ ᠨᠠᠮ ᠤᠨ ᠪᠠᠶᠢᠭᠤᠯᠤᠯᠲᠠ ᠶᠢᠨ ᠤᠬᠠᠭᠤᠯᠭ᠎ᠠ ᠶᠢᠨ ᠸᠢᠳᠢᠤ᠋ ᠶᠢ | ᠰᠣᠨᠢᠷᠬᠠᠪᠠ᠃ ᠲᠠᠷᠠᠭ᠎ᠠ ᠨᠢ ᠰᠠᠨ ᠵᠢᠶᠧ ᠲᠣᠰᠬᠤᠨ ᠳᠤ ᠬᠦᠷᠴᠦ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ | ᠤ ᠵᠠᠰᠠᠯᠳᠠ ᠶᠢᠨ ᠠᠵᠢᠯ ᠢ ᠲᠤᠭᠤᠷᠢᠨ ᠦᠵᠡᠵᠦ᠂ ᠲᠣᠰᠬᠤᠨ ᠤ ᠺᠠᠳ᠋ᠷ ᠤᠨ ᠲᠠᠨᠢᠯᠴᠠᠭᠤᠯᠭ᠎ᠠ ᠪᠠᠷ ᠵᠡᠭᠡᠯᠢ | ᠴᠡᠪᠡᠷᠯᠡᠭᠴᠢ ᠶᠢᠨ ᠡᠳᠦᠷ ᠲᠤᠳᠤᠮ ᠤᠨ ᠬᠠᠮᠢᠶᠠᠷᠤᠯᠲᠠ ᠂ ᠱᠠᠩᠨᠠᠵᠤ ᠲᠣᠷᠭᠠᠬᠤ ᠠᠷᠭ᠎ᠠ ᠲᠦᠷᠢᠮ ᠵᠡᠷᠭᠡ ᠶᠢ ᠨᠠᠷᠢᠨ | ᠣᠶᠢᠯᠠᠭᠠᠭᠰᠠᠨ ᠪᠠᠶᠢᠨ᠎ᠠ᠃ ᠴᠠᠪᠠᠨᠠᠭᠤᠷ ᠲᠣᠰᠬᠤᠨ ᠳᠤ ᠬᠦᠷᠦᠭᠡᠳ᠂ ᠲᠣᠭᠤᠷᠢᠨ ᠰᠤᠷᠤᠯᠴᠠᠬᠤ ᠪᠦᠯᠬᠦᠮ ᠤᠨ ᠬᠢᠨ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡᠨ ᠤ ᠪᠠᠶᠢᠭᠤᠯᠤᠯᠲᠠ ᠪᠣᠯᠣᠨ ︽ᠭᠤᠷᠪᠠᠨ | ᠶᠠᠪᠤᠳᠠᠯ︾ ᠢ ᠢᠯᠡ ᠪᠣᠯᠭᠠᠬᠤ ᠠᠵᠢᠯ ᠢ ᠲᠣᠭᠤᠷᠢᠨ ᠦᠵᠡᠵᠦ᠂ ᠲᠣᠰᠬᠤᠨ ᠤ ᠨᠠᠮ ᠤᠨ ᠡᠭᠦᠷ ᠤᠨ ᠱᠦᠵᠢ ᠠᠴᠠ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ᠂ ︽ᠪᠣᠯᠪᠠᠰᠤᠨ ᠪᠦᠯᠬᠦᠮᠳᠡᠯᠳᠦ ᠴᠢᠯᠦᠬᠡᠳᠦ ᠳᠡᠯᠭᠡᠭᠦᠷ︾ ᠤᠨ ᠠᠵᠢᠯ | ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠤᠨ ᠲᠠᠯᠠᠪᠠᠷ ᠨᠠᠷᠢᠨ ᠲᠠᠨᠢᠯᠴᠠᠭᠤᠯᠭ᠎ᠠ ᠬᠢᠵᠡᠢ᠃ ᠲᠤᠭᠤᠷᠢᠨ | ᠰᠤᠷᠤᠯᠴᠠᠬᠤ ᠭᠤᠭᠴᠤᠭ᠎ᠠ ᠳᠠᠭᠤᠰᠤᠭᠰᠠᠨ ᠤ ᠳᠠᠷᠠᠭ᠎ᠠ᠂ ᠴᠢᠶᠠᠨ ᠶᠢᠨ ᠭᠧᠦ ᠪᠠᠯᠭᠠᠰᠤᠨ ᠤ ᠮᠢᠨ ᠵᠦᠩ | ᠲᠣᠰᠬᠤᠨ ᠳᠤ ᠶᠠᠷᠢᠯᠴᠠᠬᠤ ᠬᠤᠷᠠᠯ ᠬᠢᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡᠨ | ᠤ ᠪᠠᠶᠢᠭᠤᠯᠤᠯᠲᠠ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ᠂ ᠦᠨᠳᠦᠰᠦᠨ ᠱᠠᠲᠤᠨ ᠤ | ᠨᠠᠮ ᠤᠨ ᠡᠭᠦᠷ ᠤᠨ ᠪᠠᠶᠢᠭᠤᠯᠤᠯᠲᠠ ᠵᠡᠷᠭᠡ ᠠᠵᠢᠯ ᠤᠨ ᠲᠣᠭᠤᠷᠢᠨ ᠳᠤ ᠴᠢᠶᠠᠨ ᠶᠢᠨ ᠭᠧᠦ ᠪᠠᠯᠭᠠᠰᠤᠨ ᠤ | ᠤᠳᠤᠷᠢᠳᠤᠯᠭ᠎ᠠ ᠪᠣᠯᠣᠨ ᠭᠡᠰᠡᠭ ᠲᠣᠰᠬᠤᠨ ᠤ ᠨᠠᠮ ᠤᠨ ᠡᠭᠦᠷ ᠤᠨ ᠱᠦᠵᠢ᠂ ᠨᠢᠭᠡᠳᠦᠭᠡᠷ ᠱᠦᠵᠢ ᠲᠠᠢ ᠰᠠᠨᠠᠯ ᠢᠶᠠᠨ | ᠰᠤᠯᠢᠯᠴᠠᠭᠰᠠᠨ ᠪᠠᠶᠢᠨ᠎ᠠ᠃ ᠯᠥᠸᠧ ᠲᠦᠸᠧ ᠱᠠᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠭᠠᠲᠤᠷ | ᠳ᠋ᠦᠩᠨᠡᠯᠲᠡ ᠶᠢᠨ ᠶᠠᠷᠢᠶᠠᠨ ᠳᠠᠭᠠᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠨᠠᠷ ︽ᠶᠠᠪᠤᠬᠤ᠂ ᠦᠵᠡᠬᠦ᠂ | ᠰᠣᠨᠣᠰᠬᠤ᠂ ᠰᠤᠷᠤᠯᠴᠠᠬᠤ︾ ᠳᠤᠮᠳᠠ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠵᠦ᠂ ᠨᠠᠮ ᠤᠨ | ᠪᠠᠶᠢᠭᠤᠯᠤᠯᠲᠠ ᠪᠠᠷ ᠵᠢᠯᠤᠭᠤᠳᠤᠮᠵᠢ ᠪᠤᠯᠭᠠᠨ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠵᠤ᠂ | ᠬᠦᠳᠡᠭᠡ ᠲᠤᠰᠬᠤᠨ ᠤ ᠣᠷᠣᠰᠢᠨ ᠰᠠᠭᠤᠷᠢᠬᠤ ᠣᠷᠴᠢᠨ ᠨᠥᠬᠦᠴᠡᠯ ᠢ ᠰᠠᠶᠢᠵᠢᠷᠠᠭᠤᠯᠤᠨ᠂ ᠦᠨᠳᠦᠰᠦᠨ ᠱᠠᠳᠤᠨ ᠤ | ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠠᠵᠢᠯᠯᠠᠭ᠎ᠠ ᠶᠢ ᠶᠡᠬᠡᠪᠡᠷ ᠦᠷᠨᠢᠬᠦᠯᠦᠨ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠢ | ᠲᠡᠭᠡᠭᠰᠢᠯᠡᠬᠦᠯᠵᠦ᠂ ᠲᠣᠰᠬᠤᠨ ᠤ ᠰᠤᠷᠲᠠᠯ ᠠᠷᠠᠳ ᠤᠨ ᠰᠤᠷᠲᠠᠯ ᠢ ᠰᠠᠶᠢᠵᠢᠷᠠᠭᠤᠯᠤᠨ᠂ ᠴᠢᠨᠡᠭᠡᠯᠢᠭ ᠪᠣᠯᠪᠠᠰᠤᠨ᠂ | ᠡᠶ᠎ᠡ ᠨᠠᠶᠢᠷᠠᠮᠳᠠᠭᠤ᠂ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠳᠤ ᠰᠢᠨ᠎ᠡ ᠬᠥᠳᠡᠭᠡ ᠲᠣᠰᠬᠤᠨ ᠢ | ᠪᠠᠶᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠬᠡᠵᠦ ᠴᠢᠬᠤᠯᠠᠴᠢᠯᠠᠵᠠᠢ᠃ |