ᠪᠤᠤᠴᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/10/1
ᠠᠷᠠᠳ ᠤᠨ ᠲᠥᠯᠥᠭᠡᠯᠡᠭᠴᠢᠳ ᠤᠨ ᠬᠢᠨᠠᠯᠲᠠ ᠲᠠᠯᠪᠢᠬᠤ ᠦᠢᠯᠡᠳᠦᠯ ᠴᠢᠳᠠᠮᠵᠢ ᠶᠢ ᠭᠦᠢᠴᠡᠳ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠮᠬᠢ ᠳᠢᠭᠯᠢᠮ ᠲᠠᠢ ᠶᠠᠪᠤᠭᠳᠠᠬᠤ ᠶᠢ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 29  ᠤ ᠡᠳᠦᠷ ᠪᠤᠤᠴᠠᠩ  ᠪᠠᠯᠭᠠᠰᠤ ᠨᠢ ᠠᠷᠠᠳ ᠤᠨ ᠲᠥᠯᠥᠭᠡᠯᠡᠭᠴᠢᠳ ᠪᠠ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠱᠦᠵᠢ ᠨᠠᠷ ᠢ ᠵᠤᠬᠢᠶᠠᠨ ᠪᠠᠶᠢᠭᠤᠯᠵᠤ᠂   ᠪᠠᠯᠭᠠᠰᠤᠨ ᠤ ᠭᠤᠣᠯᠳᠠᠯᠭ᠎ᠠ ᠲᠠᠢ ᠲᠦᠷᠦᠯ ᠵᠦᠢᠯ ᠵᠢᠴᠢ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠠᠬᠢᠴᠠ ᠶᠢᠨ ᠲᠤᠬᠠᠢ ᠪᠠᠶᠢᠴᠠᠭᠠᠨ ᠰᠤᠳᠤᠯᠤᠯᠲᠠ ᠬᠢᠵᠡᠢ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ︽ᠲᠥᠯᠥᠭᠡᠯᠡᠭᠴᠢᠳ ᠤᠨ ᠭᠡᠷ ︾  ᠂ ᠪᠢᠶᠠᠨ ᠴᠢᠶᠠᠩ ᠲᠣᠰᠬᠤᠨ ᠤ ᠰᠣᠶᠣᠯ ᠤᠨ ᠶᠡᠭᠡ ᠬᠦᠷᠢᠶ᠎ᠡ ᠪᠠ ᠴᠠᠨ᠎ᠠ ᠴᠡᠴᠡᠭ   ᠤᠨ ᠵᠢᠭᠤᠯᠴᠢᠯᠠᠯ ᠤᠨ ᠤᠷᠤᠨ᠂ ᠴᠢᠶᠠᠨ   ᠶᠢᠨ ᠭᠧᠦ ᠪᠠᠯᠭᠠᠰᠤᠨ ᠤ ᠳ᠋ᠠ ᠭᠧ ᠳ᠋ᠦᠩ ᠲᠣᠰᠬᠤᠨ ᠤ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ   ᠂ ᠦ᠋ ᠵᠢᠩ ᠲᠣᠰᠬᠤᠨ ᠤ  ᠦᠢᠯᠡᠳᠪᠦᠷᠢᠯᠡᠯ ᠠᠮᠢᠳᠤᠷᠠᠯ ᠤᠨ ᠲᠤᠭᠤᠷᠢᠭ ᠢ ᠰᠠᠯᠭᠠᠬᠤ ᠪᠠ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ  ᠵᠠᠰᠠᠬᠤ ᠲᠥᠷᠥᠯ ᠵᠦᠢᠯ᠂ ᠬᠤᠩ ᠳ᠋ᠠ ᠲᠣᠰᠬᠤᠨ ᠤ ᠲᠦᠭᠡᠭᠡᠯ ᠤᠰᠤ  ᠤᠭᠰᠠᠷᠠᠬᠤ ᠵᠢᠴᠢ ᠵᠡᠭᠡᠯᠢ ᠭᠤᠳᠤᠮᠵᠢ ᠬᠠᠲᠠᠭᠤᠷᠠᠭᠤᠯᠬᠤ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠲᠤᠭᠤᠷᠢᠨ ᠦᠵᠡᠵᠦ ᠪᠠᠶᠢᠴᠠᠭᠠᠨ  ᠰᠤᠳᠤᠯᠪᠠ᠃  ᠲᠥᠯᠥᠭᠡᠯᠡᠭᠴᠢᠳ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠠᠨᠢᠯᠴᠠᠭᠤᠯᠭ᠎ᠠ ᠶᠢ ᠰᠤᠨᠤᠰᠴᠤ ᠰᠠᠨᠠᠯ ᠢᠶᠠᠨ ᠰᠣᠯᠢᠯᠴᠠᠬᠤ ᠵᠡᠷᠭᠡ ᠬᠡᠯᠪᠡᠷᠢ ᠪᠠᠷ ᠡᠯ᠎ᠡ ᠲᠣᠰᠬᠤᠨ ᠤ  ᠲᠠᠷᠢᠶᠠᠯᠠᠩ ᠤᠨ ᠠᠵᠤ ᠦᠢᠯᠡᠰ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ᠂ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠬᠥᠳᠡᠭᠡ ᠲᠣᠰᠬᠤᠨ ᠤ ᠵᠠᠰᠠᠯᠲᠠ ᠵᠡᠷᠭᠡ ᠳᠤ ᠲᠤᠬᠠᠢ ᠶᠢᠨ ᠲᠠᠯᠠᠪᠠᠢ ᠶᠢᠨ ᠪᠠᠶᠢᠴᠠᠭᠠᠨ ᠰᠤᠳᠤᠯᠤᠯᠲᠠ ᠬᠢᠵᠡᠢ᠃ ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠲᠠᠷᠠᠭᠠᠬᠢ ᠳ᠋ᠦᠩᠨᠡᠯᠲᠡ ᠶᠢᠨ ᠬᠤᠷᠠᠯ ᠳᠡᠭᠡᠷ᠎ᠡ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠸᠠᠩ ᠵᠢᠶᠦ᠋ᠨ ᠱᠧᠩ   ᠠᠴᠠ ᠠᠷᠠᠳ ᠤᠨ ᠲᠥᠯᠥᠭᠡᠯᠡᠭᠴᠢᠳ ᠤᠨ ᠡᠳᠦᠷ ᠲᠤᠲᠤᠮ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠵᠢᠯ ᠤᠨ ᠡᠴᠦᠰ ᠤᠨ ᠬᠢᠨᠠᠨ ᠰᠢᠯᠭᠠᠯᠳᠠ ᠬᠢᠬᠦ᠂ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠴᠤᠭᠯᠠᠭᠤᠯᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠭᠲᠠᠮᠠᠯ ᠬᠤᠷᠠᠯ ᠢ ᠬᠢᠬᠦ ᠵᠡᠷᠭᠡ ᠠᠵᠢᠯ ᠤᠨ ᠲᠠᠯᠠᠪᠠᠷ ᠪᠣᠳᠠᠲᠠᠢ  ᠪᠠᠶᠢᠷᠢᠯᠠᠭᠤᠯᠤᠯᠲᠠ ᠬᠢᠵᠡᠢ  ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠰᠢ ᠪᠢᠨ ᠬᠤᠷᠠᠯ ᠤᠨ ᠶᠠᠷᠢᠶᠠᠨ ᠳᠠᠭᠠᠨ᠂  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠳᠤ ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠭᠤᠶᠢᠪᠢᠰᠢ ᠦᠭᠡᠢ  ᠪᠠᠷᠢᠮᠳᠠᠯᠠᠨ᠂ ᠠᠷᠠᠳ ᠤᠨ  ᠲᠥᠯᠥᠭᠡᠯᠡᠭᠴᠢ ᠨᠢᠭᠡᠪᠦᠷᠢ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂  ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢᠨ ᠣᠨᠴᠠᠯᠢᠭ ᠪᠠ ᠳᠠᠪᠠᠭᠤᠯᠢᠭ ᠢ ᠪᠠᠳᠠᠷᠠᠭᠤᠯᠬᠤ᠂ ᠨᠠᠮ  ᠪᠠ ᠲᠦᠷᠦ ᠶᠢᠨ  ᠤᠷᠳᠤ ᠤᠳᠠᠭᠠᠨ ᠤ ᠠᠮᠤᠷ ᠲᠦᠪᠰᠢᠨ ᠢ ᠪᠠᠲᠤᠯᠠᠬᠤ  ᠦᠨᠳᠦᠷᠴᠡ ᠠᠴᠠ ᠲᠥᠯᠥᠭᠡᠯᠡᠭᠴᠢᠳ ᠤᠨ ᠠᠵᠢᠯ ᠤᠨ ᠴᠢᠬᠤᠯᠠ ᠠᠴᠢ ᠬᠤᠯᠪᠣᠭᠳᠠᠯ ᠢ ᠲᠠᠨᠢᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢᠨ ᠣᠷᠭᠠᠨᠢᠭ ᠨᠢᠬᠡᠳᠦᠯ ᠢ ᠠᠷᠠᠳ ᠤᠨ ᠲᠥᠯᠥᠭᠡᠯᠡᠭᠴᠢᠳ ᠤᠨ ᠡᠬᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠠ ᠲᠥᠯᠥᠭᠡᠯᠡᠭᠴᠢᠳ ᠤᠨ ᠠᠵᠢᠯ ᠤᠨ ᠪᠦᠬᠦ ᠶᠠᠪᠤᠴᠠ ᠳᠤ ᠪᠡᠶᠡᠯᠡᠬᠦᠯᠬᠦ ᠬᠡᠷᠡᠭᠲᠡᠢ᠃  ᠠᠷᠠᠳ ᠤᠨ ᠲᠥᠯᠥᠭᠡᠯᠡᠭᠴᠢ ᠡᠷᠭᠡᠪᠰᠢ  ᠪᠡᠶ᠎ᠡ ᠪᠠᠨ ᠴᠢᠩᠭ᠎ᠠ ᠱᠠᠭᠠᠷᠳᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠱᠢᠶᠡᠴᠢ ᠪᠠᠷ ᠵᠢᠷᠤᠮᠯᠠᠨ᠂ ᠨᠡᠶᠢᠭᠡᠮ ᠨᠡᠶᠢᠲᠡ ᠶᠢᠨ ᠶᠣᠰᠣ ᠮᠣᠷᠠᠯ ᠢ ᠲᠦᠷᠦᠭᠦᠯᠡᠨ ᠰᠠᠬᠢᠵᠤ᠂ ᠠᠷᠠᠳ ᠤᠯᠠᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠂ ᠤᠯᠤᠰ ᠲᠦᠷᠦ ᠦᠵᠡᠯ ᠰᠠᠨᠠᠭ᠎ᠠ ᠣᠪᠣᠷ ᠰᠤᠷᠲᠠᠯ ᠤᠨ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠵᠤ᠂ ᠬᠠᠤᠯᠢ ᠶᠣᠰᠣᠭᠠᠷ  ᠡᠬᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠪ ᠴᠢᠨᠠᠷ ᠪᠠ ᠬᠢᠷᠢ ᠴᠢᠳᠠᠪᠤᠷᠢ ᠪᠠᠨ ᠲᠡᠭᠡᠭᠰᠢᠯᠡᠬᠦᠯᠦᠨ᠂ ᠠᠷᠠᠳ ᠲᠦᠮᠡᠨ ᠤ ᠠᠰᠢᠭ ᠲᠤᠰᠠ ᠪᠠ  ᠰᠠᠨᠠᠭ᠎ᠠ ᠵᠤᠷᠢᠯᠳᠠ ᠶᠢ ᠦᠨᠡᠨᠴᠢ ᠪᠠᠷ ᠲᠥᠯᠥᠭᠡᠯᠡᠵᠦ᠂ ᠠᠷᠠᠳ ᠲᠦᠮᠡᠨ ᠳᠤ ᠦᠢᠯᠡᠴᠢᠯᠡᠬᠦ ᠳᠤᠮᠳᠠ  ᠡᠬᠦᠷᠭᠡ ᠬᠠᠷᠢᠭᠤᠴᠠᠯᠭ᠎ᠠ ᠪᠠᠨ ᠰᠠᠶᠢᠳᠤᠷ ᠭᠦᠢᠴᠡᠳᠬᠡᠬᠦ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃  ᠪᠠᠶᠢᠴᠠᠭᠠᠨ ᠰᠤᠳᠤᠯᠤᠯᠲᠠ ᠳᠤ ᠤᠷᠤᠯᠴᠠᠭᠰᠠᠨ  ᠠᠷᠠᠳ ᠤᠨ ᠲᠥᠯᠥᠭᠡᠯᠡᠭᠴᠢᠳ ᠪᠦᠷ᠄ ︽ ᠬᠤᠶᠢᠰᠢᠳᠠ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠠᠷᠠᠳ ᠲᠦᠮᠡᠨ ᠤ ᠬᠦᠰᠡᠯ ᠱᠠᠭᠠᠷᠳᠠᠯᠭ᠎ᠠ ᠶᠢ ᠲᠤᠰᠬᠠᠨ᠂  ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂   ᠪᠤᠤᠴᠠᠩ ᠪᠠᠯᠭᠠᠰᠤᠨ ᠤ ᠪᠠᠨ  ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠢᠯᠡᠬᠦᠦ  ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠬᠦᠨ᠎ᠡ︾ ᠬᠡᠵᠦ ᠢᠯᠡᠷᠬᠡᠶᠢᠯᠡᠵᠡᠬᠡᠵᠡᠢ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号