ᠬᠤᠩ ᠴᠢ  ᠪᠠᠯᠭᠠᠰᠤ  ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠶᠢ ᠤᠶᠢᠯᠠᠭᠠᠨ  ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2022/10/1
   9 ᠰᠠᠷ᠎ᠠ ᠶᠢᠨ 29 ᠤ ᠡᠳᠦᠷ᠂ ᠬᠤᠩ ᠴᠢ  ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠪᠠᠯᠭᠠᠰᠤᠨ ᠤ ᠬᠠᠤᠯᠢ ᠴᠠᠭᠠᠵᠠ ᠶᠢᠨ ᠰᠠᠯᠪᠤᠷᠢ᠂ ᠲᠣᠮᠢᠯᠠᠭᠰᠠᠨ ᠰᠠᠯᠪᠤᠷᠢ ᠲᠠᠢ ᠬᠤᠯᠪᠤᠭᠠᠯᠠᠵᠤ᠂ ᠡᠯ᠎ᠡ ᠲᠣᠰᠬᠤᠨ ᠤ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠲᠤ ᠭᠦᠨᠵᠡᠭᠡᠶᠢᠷᠡᠨ ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠶᠢ ᠤᠶᠢᠯᠠᠭᠠᠨ ᠪᠠᠶᠢᠴᠠᠭᠠᠬᠤ ᠠᠵᠢᠯ ᠥᠷᠨᠢᠭᠦᠯᠪᠡ᠃ ᠠᠵᠢᠯᠲᠠᠳ ᠠᠷᠠᠳ ᠢᠷᠭᠡᠳ ᠲᠠᠢ ᠠᠭᠤᠯᠵᠠᠨ ᠶᠠᠷᠢᠯᠴᠠᠬᠤ   ᠬᠡᠯᠪᠡᠷᠢ ᠪᠠᠷ  ᠱᠠᠰᠢᠨ ᠰᠢᠳᠦᠭᠴᠢ ᠣᠯᠠᠨ ᠲᠦᠮᠡᠨ ᠤ ᠦᠨᠳᠦᠰᠦᠨ ᠪᠠᠶᠢᠳᠠᠯ   ᠢ ᠨᠠᠷᠢᠨ ᠤᠶᠢᠯᠠᠭᠠᠭᠰᠠᠨ ᠤ ᠬᠠᠮᠳᠤ ᠱᠠᠰᠢᠨ ᠰᠢᠲᠦᠭᠴᠢᠳ ᠲᠤ ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠪᠠ ᠭᠠᠵᠢᠭᠤ ᠨᠣᠮᠯᠠᠯ ᠤᠨ ᠬᠤᠣᠷ ᠬᠥᠨᠥᠭᠡᠯ ᠢ  ᠲᠠᠨᠢᠭᠤᠯᠵᠤ᠂  ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠶᠢ ᠡᠷᠡᠰ ᠬᠤᠷᠢᠭᠯᠠᠨ᠂ ᠬᠢᠵᠢᠭ  ᠰᠡᠷᠭᠡᠶᠢᠯᠡᠬᠦ ᠲᠦᠷᠦ ᠶᠢᠨ ᠪᠣᠳᠣᠯᠭ᠎ᠠ ᠶᠢ ᠭᠡᠷᠡᠭᠵᠢᠬᠦᠯᠬᠦ ᠳᠤ ᠪᠦᠬᠦ ᠬᠦᠴᠦᠨ ᠢᠶᠠᠷ  ᠬᠠᠮᠵᠢᠯᠴᠠᠬᠤ ᠬᠡᠷᠡᠭᠲᠡᠢ ᠭᠡᠵᠦ ᠵᠠᠬᠢᠭᠰᠠᠨ ᠪᠠᠶᠢᠨ᠎ᠠ᠃  ᠡᠨᠡ ᠤᠳᠠᠭᠠᠨ ᠤ  ᠪᠠᠶᠢᠴᠠᠭᠠᠯᠳᠠ ᠪᠠᠷ ᠲᠠᠮᠵᠢᠭᠠᠳ᠂  ᠪᠠᠯᠭᠠᠰᠤᠨ ᠤ ᠱᠠᠰᠢᠨ ᠰᠢᠳᠦᠭᠴᠢ ᠣᠯᠠᠨ ᠲᠦᠮᠡᠨ ᠤ ᠦᠨᠳᠦᠰᠦᠨ ᠮᠡᠳᠡᠭᠡ ᠵᠠᠩᠭᠢ ᠶᠢ ᠤᠯᠠᠮ ᠲᠤᠳᠤᠷᠬᠠᠢ ᠡᠵᠡᠮᠰᠢᠭᠰᠡᠨ ᠪᠦᠭᠡᠳ ᠤᠯᠠᠨ ᠲᠦᠮᠡᠨ ᠤ ᠬᠢᠵᠢᠭ ᠰᠡᠷᠭᠡᠶᠢᠯᠡᠬᠦ ᠤᠬᠠᠮᠰᠠᠷ ᠢ ᠴᠢᠩᠭᠠᠳᠬᠠᠵᠤ᠂ ᠱᠠᠰᠢᠨ ᠰᠤᠷᠲᠠᠬᠤᠨ ᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠳᠤ ᠰᠠᠶᠢᠨ ᠰᠠᠭᠤᠷᠢ ᠶᠢ ᠲᠠᠯᠪᠢᠵᠠᠢ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号