ᠰᠢᠩ ᠹᠦ᠋ ᠰᠢᠶᠠᠩ ᠬᠤᠷᠠᠯ ᠬᠢᠵᠦ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠤᠭᠰᠠᠨ
ᠨᠡᠶᠢᠲᠡᠯᠡᠭᠰᠡᠨ ᠴᠠᠭ᠄
2022/10/1
 9 ᠰᠠᠷ᠎ᠠ ᠶᠢᠨ 29 ᠤ ᠡᠳᠦᠷ᠂ ᠰᠢᠩ ᠹᠦ᠋ ᠰᠢᠶᠠᠩ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠳᠠ ᠶᠢᠨ ᠬᠤᠷᠠᠯ ᠬᠤᠷᠠᠯᠳᠤᠭᠤᠯᠵᠤ᠂ ᠰᠢᠶᠠᠩ ᠤᠨ ᠤᠳᠤᠷᠢᠳᠬᠤ ᠪᠠᠭ ᠤᠨ ᠭᠡᠰᠢᠬᠦᠳ᠂ ᠡᠯ᠎ᠡ  ᠪᠠᠶᠢᠭᠤᠯᠭ᠎ᠠ ᠨᠢᠭᠡᠴᠡ ᠶᠢᠨ  ᠬᠠᠷᠢᠭᠤᠴᠠᠯᠭᠠᠲᠠᠨ᠂ ᠡᠯ᠎ᠡ ᠲᠣᠰᠬᠤᠨ ᠤ ᠱᠦᠵᠢ ︵ᠡᠷᠬᠢᠯᠡᠭᠴᠢ︶ ᠬᠤᠷᠠᠯ ᠳᠤ ᠣᠷᠣᠯᠴᠠᠪᠠ᠃ ᠨᠠᠮ ᠤᠨ ᠬᠤᠷᠢᠶᠠᠨ ᠤ ᠳᠡᠳ᠋ ᠱᠦᠵᠢ᠂  ᠰᠢᠶᠠᠩ ᠤᠨ ᠳᠠᠷᠤᠭ᠎ᠠ ᠵᠣᠣ ᠢᠦᠢ ᠪᠦᠦ ᠬᠤᠷᠠᠯ ᠡᠷᠭᠢᠯᠡᠵᠦ᠂ ᠲᠣᠭᠲᠠᠭᠤᠨ ᠢ ᠬᠠᠮᠠᠭᠠᠯᠠᠬᠤ᠂ ᠠᠶᠤᠯᠭᠦᠢ  ᠦᠢᠯᠡᠳᠪᠦᠷᠢᠯᠡᠯ᠂  ᠣᠷᠣᠰᠢᠨ ᠰᠠᠭᠤᠷᠢᠰᠢᠬᠤ ᠣᠷᠴᠢᠨ ᠲᠤᠭᠤᠷᠢᠨ ᠤ  ᠵᠠᠰᠠᠯᠳᠠ ᠵᠡᠷᠭᠡ ᠠᠵᠢᠯ ᠤᠨ ᠲᠤᠬᠠᠢ  ᠪᠠᠶᠢᠷᠢᠯᠠᠭᠤᠯᠤᠯᠲᠠ ᠬᠢᠵᠦ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠠᠴᠠ ᠪᠠᠰᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ᠂ ᠨᠠᠮᠤᠷ ᠤᠨ ᠤᠯᠠᠷᠢᠯ ᠤᠨ ᠭᠠᠯ ᠰᠡᠷᠭᠡᠶᠢᠯᠡᠬᠦ ᠠᠵᠢᠯ  ᠂   ᠵᠣᠷᠯᠣᠩ ᠤᠨ ᠦᠬᠡᠷᠡᠴᠢᠯᠡᠯᠳᠡ ᠶᠢᠨ ︽ᠡᠷᠬᠢᠨ ᠬᠠᠷᠠᠬᠤ︾  ᠠᠵᠢᠯ  ᠤᠨ ᠲᠠᠯᠠᠪᠠᠷ ᠪᠠᠶᠢᠷᠢᠯᠠᠭᠤᠯᠤᠯᠳᠠ ᠬᠢᠵᠡᠢ᠃ ᠨᠠᠮ ᠤᠨ ᠬᠤᠷᠢᠶᠠᠨ ᠤ ᠱᠦᠵᠢ ᠰᠥᠩ ᠹᠧᠩ  ᠬᠤᠷᠠᠯ ᠤᠨ ᠶᠠᠷᠢᠶᠠᠨ ᠳᠠᠭᠠᠨ᠄  ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠣᠳᠣᠬᠠᠨ ᠤ ᠬᠢᠵᠢᠭ ᠤᠨ ᠪᠠᠶᠢᠳᠠᠯ  ᠢ ᠭᠦᠢᠴᠡᠳ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠨᠥᠭᠡᠴᠡ ᠭᠦᠢᠴᠡᠳ ᠪᠠᠶᠢᠬᠤ ᠶᠢ ᠦᠨᠡᠨ ᠬᠦ ᠪᠠᠳᠤᠯᠠᠨ᠂ ᠭᠠᠳᠠᠨ᠎ᠠ ᠠᠴᠠ  ᠢᠷᠡᠭᠰᠡᠳ ᠢ ᠪᠠᠶᠢᠴᠠᠭᠠᠬᠤ ᠪᠠ ᠲᠠᠯᠠᠪᠤᠷ  ᠤᠨ ᠺᠣᠳ᠋ ᠰᠢᠷᠪᠢᠬᠦ ᠠᠵᠢᠯ ᠢ ᠴᠢᠩᠭᠠᠳᠬᠠᠵᠤ᠂   ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ᠃ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠵᠥᠷᠢᠴᠡᠯ ᠵᠢᠭᠤᠷᠠᠭᠠᠨ ᠵᠢᠭᠰᠠᠭᠠᠨ ᠪᠠᠶᠢᠴᠠᠭᠠᠬᠤ ᠠᠵᠢᠯ ᠢ ᠶᠡᠬᠡᠪᠡᠷ ᠦᠷᠨᠢᠬᠦᠯᠦᠨ᠂  ᠠᠶᠢᠯ ᠡᠷᠦᠬᠡ ᠪᠠᠷ   ᠭᠦᠨᠵᠡᠭᠡᠶᠢᠷᠡᠵᠦ᠂ ᠵᠥᠷᠢᠴᠡᠯ ᠵᠢᠭᠤᠷᠠᠭᠠᠨ ᠢ ᠲᠤᠶᠢᠯᠪᠤᠷᠢᠳᠠᠢ ᠪᠠᠶᠢᠴᠠᠭᠠᠵᠤ ᠲᠤᠬᠢᠳᠠᠢ ᠰᠢᠢᠳᠪᠦᠷᠢᠯᠡᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠠᠳᠤᠳᠬᠠᠨ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠳᠠ ᠴᠡᠭᠴᠡᠯᠡᠯᠳᠡ ᠶᠢ ᠴᠢᠩᠭ᠎ᠠ ᠠᠳᠬᠤᠵᠤ᠂ ᠶᠡᠭᠡ ᠲᠠᠯ᠎ᠠ ᠶᠢᠨ ᠠᠮᠤᠷ ᠲᠤᠭᠳᠠᠭᠤᠨ ᠢ ᠪᠠᠳᠤᠯᠠᠨ᠂ ᠰᠢᠯᠢᠳᠡᠭ ᠠᠮᠵᠢᠯᠳᠠ ᠪᠦᠳᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ  ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号