ᠭᠤᠣᠯᠳᠠᠯᠭ᠎ᠠ ᠲᠠᠢ ᠲᠥᠷᠥᠯ ᠵᠦᠢᠯ ᠤᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠴᠢᠨᠰᠠᠭ᠎ᠠ ᠶᠢ ᠰᠠᠶᠢᠵᠢᠷᠠᠭᠤᠯᠤᠨ ᠠᠵᠤ ᠠᠬᠤᠢ  ᠶᠢᠨ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠤᠨᠠᠮ
ᠨᠡᠶᠢᠲᠡᠯᠡᠭᠰᠡᠨ ᠴᠠᠭ᠄
2022/10/10
  ᠣᠶᠢᠷ᠎ᠠ ᠶᠢᠨ ᠵᠢᠯ ᠳᠤ᠂ ᠲᠠᠶᠢᠹᠤᠰᠧ ᠬᠤᠰᠢᠭᠤᠨ ᠤ ᠬᠢᠨ ᠠᠵᠤ ᠦᠢᠯᠡᠰ ᠤᠨ ᠲᠥᠯᠦᠪᠵᠢᠭᠦᠯᠭᠡ ᠪᠣᠯᠣᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠲᠤᠯᠭᠠᠭᠤᠷᠢᠯᠠᠯ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠬᠡᠳᠦ ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶᠡᠵᠢᠭᠰᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠬᠥᠳᠡᠯᠭᠡᠭᠦᠷ ᠨᠡᠮᠡᠵᠦ ᠪᠠᠶᠢᠨ᠎ᠠ᠃   ᠣᠶᠢᠷ᠎ᠠ ᠶᠢᠨ ᠵᠢᠯ ᠤᠳ ᠲᠤ᠂  ᠲᠠᠶᠢᠹᠤᠰᠧ ᠬᠤᠰᠢᠭᠤ ᠨᠢ ᠪᠡᠭᠡᠵᠢᠩ ᠲᠢᠶᠠᠨᠵᠢᠨ ᠾᠧᠪᠧᠢ ᠲᠠᠢ ᠬᠥᠷᠰᠢᠯᠡᠵᠦ ᠪᠠᠶᠢᠭ᠎ᠠ ᠣᠷᠣᠨ ᠪᠠᠶᠢᠴᠠ ᠵᠢᠴᠢ ᠵᠠᠮ ᠬᠠᠷᠢᠯᠴᠠᠭ᠎ᠠ᠂ ᠴᠠᠬᠢᠯᠭᠠᠨ ᠤ ᠦᠨ᠎ᠡ ᠵᠡᠷᠭᠡ ᠬᠠᠷᠢᠴᠠᠩᠭᠤᠢ ᠳᠠᠪᠠᠭᠤᠯᠢᠭ ᠢᠶᠠᠨ  ᠠᠰᠢᠭᠯᠠᠵᠤ᠂ ᠠᠵᠤ ᠦᠢᠯᠡᠰ ᠤᠨ ᠪᠠᠶᠢᠷᠢᠰᠢᠭᠤᠯᠤᠯᠲᠠ  ᠪᠠ  ᠬᠥᠭᠵᠢᠭᠦᠯᠦᠯᠲᠡ ᠶᠢᠨ ᠣᠷᠣᠨ ᠤ ᠲᠥᠯᠦᠪᠵᠢᠭᠦᠯᠭᠡ ᠶᠢ ᠰᠢᠯᠢᠳᠡᠭᠵᠢᠬᠦᠯᠦᠨ᠂  ᠰᠢᠨ᠎ᠡ ᠪᠠᠷ ᠮᠠᠨᠳᠤᠭᠰᠠᠨ ᠬᠡᠳᠦ ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶᠡᠨ ᠤ  ᠰᠢᠨᠵᠢᠯᠡᠭᠡ ᠮᠡᠷᠭᠡᠵᠢᠯ ᠤᠨ ᠤᠷᠤᠨ ᠲᠣᠭᠤᠷᠢᠭ ᠤᠨ ᠪᠠᠶᠢᠭᠤᠯᠤᠯᠲᠠ ᠶᠢ ᠡᠬᠢᠯᠡᠭᠦᠯᠵᠦ᠂  ᠵᠤᠬᠢᠶᠠᠮᠠᠯ ᠠᠯᠮᠠᠰ ᠮᠡᠳᠦ ᠰᠢᠨ᠎ᠡ ᠮᠠᠲ᠋ᠧᠷᠢᠶᠠᠯ ᠤᠨ ᠲᠣᠭᠤᠷᠢᠨ ᠳᠤ ᠳᠡᠭᠡᠳᠦ ᠳᠣᠣᠷᠠᠳᠤ ᠤᠷᠤᠰᠬᠠᠯ ᠤᠨ ᠪᠦᠬᠦ ᠠᠵᠤ ᠦᠢᠯᠡᠰ ᠤᠨ ᠬᠡᠯᠬᠢᠶᠡᠨ ᠤ ᠠᠷᠠᠯᠵᠢᠶᠠᠴᠢᠨ ᠤᠷᠢᠬᠤ ᠠᠵᠢᠯ ᠢ ᠦᠷᠨᠢᠬᠦᠯᠦᠭᠡᠳ᠂ ᠤᠳᠤ ᠶᠠᠭ  ᠰᠤᠳᠤᠯᠭ᠎ᠠ᠂  ᠦᠢᠯᠡᠳᠪᠦᠷᠢᠯᠡᠯ᠂  ᠪᠤᠷᠤᠯᠠᠭᠤᠯᠭ᠎ᠠ ᠶᠢ ᠨᠢᠭᠡ ᠴᠣᠭᠴᠠᠵᠢᠭᠤᠯᠤᠭᠰᠠᠨ ᠳᠤᠮᠳᠠᠳᠤ ᠤᠯᠤᠰ ᠤᠨ ᠤᠮᠠᠷᠠᠲᠤ ᠶᠢᠨ ᠬᠡᠳᠦ ᠬᠠᠲᠠᠭᠤ ᠮᠠᠲ᠋ᠧᠷᠢᠶᠠᠯ ᠤᠨ ᠲᠥᠪ ᠢ ᠪᠠᠶᠢᠭᠤᠯᠵᠤ ᠪᠠᠶᠢᠭ᠎ᠠ ᠶᠤᠮ᠃  ᠲᠤᠰ ᠤᠷᠤᠨ ᠲᠣᠭᠤᠷᠢᠭ   ᠤᠨ ᠶᠡᠷᠦᠩᠬᠡᠢ ᠲᠠᠯᠠᠪᠠᠢ ᠨᠢ 111197.53 ᠬᠠᠪᠳᠠᠭᠠᠢ ᠳᠥᠷᠪᠡᠯᠵᠢᠨ ᠮᠧᠲᠷ  ᠂ ᠲᠥᠯᠥᠪᠵᠢᠭᠦᠯᠦᠭᠰᠡᠨ ᠪᠠᠷᠢᠯᠭ᠎ᠠ ᠶᠢᠨ ᠲᠠᠯᠠᠪᠠᠢ  ᠨᠢ 49574  ᠬᠠᠪᠳᠠᠭᠠᠢ ᠳᠥᠷᠪᠡᠯᠵᠢᠨ  ᠮᠧᠲᠷ ᠪᠠᠶᠢᠵᠤ᠂  ᠡᠭᠦᠨ ᠳᠤ  ᠪᠠᠷᠢᠮᠵᠢᠶᠠᠵᠢᠭᠰᠠᠨ ᠦᠢᠯᠡᠳᠪᠦᠷᠢ ᠶᠢᠨ ᠪᠠᠶᠢᠰᠢᠩ 9 ᠰᠠᠭᠤᠷᠢ᠂ ᠠᠯᠪᠠᠨ ᠠᠰᠠᠷ 1 ᠰᠠᠭᠤᠷᠢ ᠪᠤᠢ᠂  ᠵᠢᠱᠢᠯᠲᠡ ᠪᠠᠷ 2024 ᠣᠨ ᠤ ᠡᠴᠦᠰ ᠲᠤ ᠪᠠᠷᠢᠵᠤ ᠳᠠᠭᠤᠰᠬᠠᠨ᠎ᠠ᠃  ᠤᠷᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠭᠤᠣᠯᠳᠠᠯᠭ᠎ᠠ ᠲᠠᠢ ᠲᠥᠷᠥᠯ ᠵᠦᠢᠯ ᠤᠨ ᠪᠠᠶᠢᠭᠤᠯᠤᠯᠲᠠ  ᠶᠢ ᠲᠠᠰᠤᠷᠠᠯᠲᠠ ᠦᠭᠡᠢ ᠲᠦᠷᠭᠡᠳᠬᠡᠨ ᠠᠬᠢᠭᠤᠯᠬᠤ ᠶᠢᠨ ᠲᠥᠯᠥᠭᠡ᠂  ᠲᠤᠰ ᠬᠤᠰᠢᠭᠤ ᠨᠢ ︽ᠨᠢᠭᠡ ᠠᠵᠤ ᠠᠬᠤᠶᠢᠯᠠᠯ ᠳᠤ ᠨᠢᠭᠡ ᠦᠢᠯᠡᠴᠢᠯᠡᠬᠦ ᠠᠩᠬᠢ︾ ᠶᠢᠨ ᠵᠠᠷᠴᠢᠮ ᠶᠣᠰᠣᠭᠠᠷ ︽ᠠᠵᠤ ᠠᠬᠤᠶᠢᠯᠠᠯ ᠳᠤ ᠰᠠᠭᠤᠭ᠎ᠠ ᠦᠢᠯᠡᠴᠢᠯᠡᠭᠡᠨ ᠤ ᠠᠩᠭᠢ︾ ᠶᠢ  ᠪᠠᠶᠢᠭᠤᠯᠵᠤ᠂  ︽ᠰᠠᠨᠠᠭᠠᠴᠢᠯᠠᠭ᠎ᠠ ᠦᠭᠡᠢ︾ ᠦᠢᠯᠡᠴᠢᠯᠡᠭᠡ ᠶᠢ ︽ᠰᠠᠨᠠᠭᠠᠴᠢᠯᠠᠭ᠎ᠠ  ᠲᠠᠢ︾ ᠦᠢᠯᠡᠴᠢᠯᠡᠭᠡ  ᠪᠤᠯᠭᠠᠵᠤ ᠬᠤᠪᠢᠷᠠᠭᠤᠯᠤᠨ᠂ ᠠᠵᠤ ᠠᠬᠤᠶᠢᠯᠠᠯ ᠤᠨ ᠬᠥᠭᠵᠢᠯᠲᠡ ᠪᠠ ᠲᠦᠷᠦᠯ ᠵᠦᠢᠯ ᠤᠨ ᠠᠬᠢᠴᠠ ᠳᠤ ᠲᠤᠯᠭᠠᠷᠠᠭᠰᠠᠨ ᠬᠦᠴᠢᠷ ᠲᠦᠪᠡᠭᠲᠡᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂  ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠭᠦᠯᠬᠦ ᠲᠦᠷᠦ ᠶᠢᠨ ᠪᠣᠳᠣᠯᠭ᠎ᠠ  ᠶᠢ ᠨᠠᠶᠢᠳᠠᠪᠤᠷᠢᠵᠢᠭᠤᠯᠬᠤ ᠪᠠ ᠦᠢᠯᠡᠴᠢᠯᠡᠭᠡ ᠶᠢ  ᠬᠦᠷᠭᠡᠬᠦ ︽ᠡᠴᠦᠰ ᠤᠨ ᠨᠢᠭᠡ ᠺᠢᠯᠣᠮᠧᠲᠷ︾ ᠢ ᠨᠡᠪᠳᠡᠷᠡᠬᠦᠯᠦᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号