ᠬᠦᠨᠪᠤᠯᠠᠭ ᠰᠤᠮᠤ ︽ᠦᠨᠡᠨᠴᠢ ᠢᠲᠡᠭᠡᠮᠵᠢ ᠲᠠᠢ ᠭᠠᠴᠠᠭ᠎ᠠ︾᠂ ︽ᠦᠨᠡᠨᠴᠢ ᠢᠲᠡᠭᠡᠮᠵᠢ ᠲᠠᠢ ᠡᠷᠦᠬᠡ︾ ᠶᠢ ᠰᠢᠯᠭᠠᠷᠠᠭᠤᠯᠪᠡ
ᠨᠡᠶᠢᠲᠡᠯᠡᠭᠰᠡᠨ ᠴᠠᠭ᠄
2022/10/10
 ︽ ᠭᠠᠴᠠᠭᠠᠨ ᠤ ᠳᠦᠷᠢᠮ ᠲᠣᠭᠲᠠᠭᠠᠯ ᠢ ᠰᠠᠬᠢᠬᠤ᠂  ᠪᠦᠳᠦᠬᠦᠯᠢᠭ ᠵᠠᠩ ᠳᠠᠳᠬᠠᠯ ᠢ ᠥᠭᠡᠷᠡᠴᠢᠯᠡᠬᠦ᠂ ᠦᠨᠡᠨᠴᠢ ᠢᠲᠡᠭᠡᠮᠵᠢ ᠶᠢ ᠴᠢᠬᠤᠯᠠᠴᠢᠯᠠᠬᠤ᠂ ᠬᠠᠷᠢᠯᠴᠠᠨ ᠬᠠᠪᠰᠤᠷᠤᠯᠴᠠᠬᠤ ᠶᠢ ᠡᠷᠬᠢᠮᠯᠡᠬᠦ︾ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂   ᠪᠦᠬᠦ ᠰᠤᠮᠤᠨ  ᠤ ᠮᠠᠯᠴᠢᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠨ᠂ ᠪᠣᠯᠪᠠᠰᠤᠨ ᠰᠢᠨ᠎ᠡ ᠬᠡᠪ ᠰᠤᠷᠲᠠᠯ ᠢ ᠪᠣᠶ ᠪᠤᠯᠭᠠᠵᠤ᠂ ᠰᠢᠨ᠎ᠡ ᠮᠠᠶ᠋ᠢᠭ ᠤᠨ ᠮᠠᠯᠴᠢᠳ ᠢ ᠬᠥᠮᠥᠵᠢᠭᠦᠯᠬᠦ ᠶᠢᠨ ᠲᠤᠰᠠᠳᠠ᠂  2022 ᠣᠨ ᠳᠤ  ᠬᠦᠨᠪᠤᠯᠠᠭ ᠰᠤᠮᠤ   ᠨᠢ ︽ᠦᠨᠡᠨᠴᠢ ᠢᠲᠡᠭᠡᠮᠵᠢᠲᠡᠢ ᠭᠠᠴᠠᠭ᠎ᠠ︾᠂ ︽ᠦᠨᠡᠨᠴᠢ ᠢᠲᠡᠭᠡᠮᠵᠢᠲᠡᠢ ᠡᠷᠦᠬᠡ︾ ᠶᠢ ᠰᠢᠯᠭᠠᠷᠠᠭᠤᠯᠬᠤ ᠠᠵᠢᠯ ᠢ  ᠴᠢᠨᠠᠭᠰᠢᠳᠠ  ᠠᠬᠢᠭᠤᠯᠵᠤ ᠢᠷᠡᠭᠰᠡᠨ ᠪᠠᠶᠢᠨ᠎ᠠ᠃ ︽ᠦᠨᠡᠨᠴᠢ ᠢᠲᠡᠭᠡᠮᠵᠢ ᠲᠠᠢ ᠭᠠᠴᠠᠭ᠎ᠠ︾ ᠶᠢ ᠰᠢᠯᠭᠠᠷᠠᠭᠤᠯᠬᠤ ᠳᠠᠭᠠᠨ ᠦᠵᠡᠯ ᠰᠠᠨᠠᠭᠠᠨ ᠤ ᠵᠢᠯᠤᠭᠤᠳᠤᠮᠵᠢ᠂ ᠣᠶᠤᠨ ᠰᠠᠨᠠᠭᠠᠨ ᠤ ᠳᠦᠷᠰᠦ ᠪᠠᠶᠢᠳᠠᠯ᠂ ᠦᠨᠳᠦᠰᠦᠨ ᠱᠠᠲᠤᠨ ᠤ ᠵᠠᠰᠠᠯᠲᠠ᠂ ᠬᠤᠲᠠ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠰᠢᠯᠭᠠᠷᠠᠭᠤᠯᠬᠤ ᠲᠦᠷᠢᠮᠵᠢᠯ ᠪᠣᠯᠭᠠᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠯᠤᠭ᠎ᠠ ᠵᠣᠬᠢᠴᠠᠯᠳᠤᠭᠰᠠᠨ ᠦᠨᠡᠨᠴᠢ ᠢᠲᠡᠭᠡᠮᠵᠢ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ᠪᠠᠷ ᠴᠢᠷᠮᠠᠶᠢᠨ᠂  ᠦᠨᠡᠨᠴᠢ ᠢᠲᠡᠭᠡᠮᠵᠢ ᠶᠢ ᠡᠷᠬᠢᠮᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠬᠤ ᠲᠡᠭᠡᠷ᠎ᠡ ᠬᠦᠴᠦ  ᠲᠠᠯᠪᠢᠵᠤ᠂ ︽ᠦᠨᠡᠨᠴᠢ ᠢᠲᠡᠭᠡᠮᠵᠢᠲᠡᠢ ᠡᠷᠦᠬᠡ︾  ᠶᠢ ᠰᠯᠭᠠᠷᠠᠭᠤᠯᠬᠤ ᠳᠠᠭᠠᠨ ᠤᠯᠤᠰ ᠤᠯᠤᠰ ᠤᠷᠤᠨ ᠤᠰᠤ ᠨᠤᠲᠤᠭ ᠢᠶᠠᠨ ᠬᠠᠶᠢᠷᠠᠯᠠᠬᠤ᠂ ᠠᠮᠢ ᠠᠬᠤᠢ ᠶᠢᠨ ᠪᠣᠯᠪᠠᠰᠤᠨ ᠢ ᠡᠷᠬᠢᠮᠯᠡᠬᠦ᠂  ᠬᠠᠤᠯᠢ ᠳᠦᠷᠢᠮ ᠢ ᠵᠢᠷᠤᠮᠯᠠᠨ ᠰᠠᠬᠢᠬᠤ᠂  ᠪᠤᠯᠬᠢ ᠳᠠᠳᠬᠠᠯ  ᠢᠶᠠᠨ ᠥᠭᠡᠷᠡᠴᠢᠯᠡᠬᠦ᠂ ᠦᠨᠡᠨᠴᠢ ᠢᠲᠡᠭᠡᠮᠵᠢᠲᠡᠢ ᠪᠠᠶᠢᠬᠤ ᠵᠡᠷᠭᠡ ᠲᠠᠯ᠎ᠠ   ᠠᠴᠠ ᠭᠠᠷᠳᠠᠵᠤ᠂ ᠡᠶ᠎ᠡ ᠵᠣᠬᠢᠴᠠᠯ ᠲᠠᠢ ᠦᠨᠡᠨᠴᠢ  ᠢᠳᠡᠭᠡᠮᠵᠢ ᠲᠠᠢ ᠭᠡᠷ ᠪᠦᠯᠢ ᠶᠢᠨ ᠠᠮᠢᠳᠤᠷᠠᠯ ᠤᠨ ᠠᠭᠤᠷ ᠠᠮᠢᠰᠬᠤᠯ ᠢ ᠪᠣᠶ ᠪᠤᠯᠭᠠᠨ᠂ ᠰᠠᠶᠢᠨ ᠰᠠᠶᠢᠬᠠᠨ ᠭᠡᠷ ᠪᠦᠯᠢ ᠶᠢᠨ ᠰᠤᠷᠲᠠᠯ ᠢ ᠤᠯᠠᠮᠵᠢᠯᠠᠬᠤ ᠲᠡᠭᠡᠷ᠎ᠡ ᠬᠦᠴᠦ ᠲᠠᠯᠪᠢᠵᠠᠢ᠃  ᠡᠶᠢᠨ ᠬᠦ᠋ ᠲᠥᠪ ᠭᠤᠥᠯᠴᠢ᠂ ᠡᠷᠬᠡ ᠲᠡᠭᠰᠢ᠂ ᠢᠯᠡ ᠲᠤᠳᠤ ᠵᠠᠷᠴᠢᠮ ᠢ  ᠪᠠᠷᠢᠮᠳᠠᠯᠠᠵᠤ᠂  ᠬᠤᠷᠠᠯ ᠴᠤᠭᠯᠠᠭᠠᠨ ᠬᠢᠵᠦ ᠠᠳᠠᠯᠢᠳᠬᠠᠨ ᠰᠢᠯᠭᠠᠷᠠᠭᠤᠯᠬᠤ ᠪᠠᠷ ᠲᠠᠮᠵᠢᠭᠠᠳ  16 ︽ᠦᠨᠡᠨᠴᠢ ᠢᠲᠡᠭᠡᠮᠵᠢᠲᠡᠢ ᠭᠠᠴᠠᠭ᠎ᠠ︾᠂  690 ︽ᠦᠨᠡᠨᠴᠢ ᠢᠲᠡᠭᠡᠮᠵᠢᠲᠡᠢ ᠡᠷᠦᠬᠡ︾   ᠶᠢ ᠰᠢᠯᠭᠠᠷᠠᠭᠤᠯᠤᠨ ᠭᠠᠷᠭᠠᠪᠠ᠃ ︽ᠦᠨᠡᠨᠴᠢ ᠢᠲᠡᠭᠡᠮᠵᠢᠲᠡᠢ ᠭᠠᠴᠠᠭ᠎ᠠ︾᠂ ︽ᠦᠨᠡᠨᠴᠢ ᠢᠲᠡᠭᠡᠮᠵᠢᠲᠡᠢ ᠡᠷᠦᠬᠡ︾ ᠶᠢ  ᠰᠢᠯᠭᠠᠷᠠᠭᠤᠯᠬᠤ  ᠪᠠᠷ ᠲᠠᠮᠵᠢᠭᠠᠳ᠂  ᠮᠠᠯᠴᠢᠨ ᠲᠦᠮᠡᠨ ᠳᠤ ᠦᠨᠡᠨᠴᠢ ᠢᠲᠡᠭᠡᠮᠵᠢ ᠶᠢᠨ ᠴᠢᠬᠤᠯᠠ ᠴᠢᠨᠠᠷ ᠢ  ᠲᠠᠨᠢᠭᠤᠯᠤᠭᠰᠠᠨ ᠢᠶᠠᠷ ᠪᠠᠷᠠᠬᠤ ᠦᠭᠡᠢ᠂  ᠮᠠᠯᠴᠢᠨ ᠲᠦᠮᠡᠨ ᠤ ᠦᠨᠡᠨᠴᠢ ᠢᠲᠡᠭᠡᠮᠵᠢ ᠶᠢᠨ ᠤᠬᠠᠮᠰᠠᠷ᠂ ᠪᠣᠯᠪᠠᠰᠤᠨ ᠤ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠦ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ  ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号