ᠬᠤᠩ ᠴᠢ ᠪᠠᠯᠭᠠᠰᠤ ᠬᠢᠵᠢᠭ ᠰᠡᠷᠭᠡᠶᠢᠯᠡᠯᠳᠡ ᠪᠠ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠭᠰᠡᠨ
ᠨᠡᠶᠢᠲᠡᠯᠡᠭᠰᠡᠨ ᠴᠠᠭ᠄
2022/10/10
10 ᠰᠠᠷ᠎ᠠ ᠶᠢᠨ 8 ᠤ ᠡᠳᠦᠷ᠂  ᠬᠤᠩ ᠴᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠬᠤᠰᠢᠭᠤᠨ ᠤ ᠵᠠᠬ᠎ᠠ ᠳᠡᠯᠭᠡᠭᠦᠷ  ᠬᠢᠨᠠᠨ ᠬᠠᠮᠢᠶᠠᠷᠬᠤ ᠲᠣᠪᠴᠢᠶ᠎ᠠ᠂   ᠪᠠᠯᠭᠠᠰᠤᠨ ᠤ ᠲᠣᠮᠢᠯᠠᠭᠰᠠᠨ ᠰᠠᠯᠪᠤᠷᠢ ᠲᠠᠢ ᠬᠠᠮᠲᠤᠷᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂  ᠬᠠᠷᠢᠶ᠎ᠠ ᠣᠷᠣᠨ ᠤ ᠪᠠᠨ ᠳᠡᠯᠭᠡᠭᠦᠷ ᠬᠤᠳᠠᠯᠳᠤᠭ᠎ᠠ᠂ ᠬᠤᠭᠤᠯᠠᠨ ᠭᠡᠷ᠂ ᠡᠮ ᠤᠨ ᠫᠦᠰᠡ  ᠂  ᠰᠡᠯᠪᠢᠨ ᠵᠠᠰᠠᠬᠤ ᠭᠠᠵᠠᠷ  ᠵᠡᠷᠭᠡ ᠳᠤ ᠭᠦᠨᠵᠡᠭᠡᠶᠢᠷᠡᠵᠦ᠂ ᠡᠯ᠎ᠡ ᠲᠥᠷᠥᠯ ᠤᠨ ᠡᠵᠡᠩᠨᠡᠯᠳᠡ ᠶᠢᠨ ᠲᠠᠯᠠᠪᠤᠷ   ᠤᠨ ᠠᠮᠠᠪᠴᠢ ᠵᠡᠭᠦᠬᠦ᠂ ᠬᠠᠯᠠᠭᠤᠨ ᠢ ᠬᠡᠮᠵᠢᠬᠦ᠂ ᠰᠠᠯᠬᠢ  ᠨᠡᠪᠳᠡᠷᠡᠬᠦᠯᠬᠦ᠂ ᠴᠡᠪᠡᠷᠯᠡᠨ ᠠᠷᠢᠭᠤᠳᠬᠠᠬᠤ᠂ ︽ᠰᠢᠯᠢ ᠶᠢᠨ ᠡᠷᠡᠭᠦᠯ ᠤᠨ ᠴᠤᠬᠤᠷ︾   ᠢ ᠰᠢᠷᠪᠢᠵᠦ  ᠲᠠᠩᠰᠠᠯᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ   ᠠᠷᠭ᠎ᠠ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠨᠠᠷᠢᠨ ᠪᠠᠶᠢᠴᠠᠭᠠᠯᠲᠠ ᠬᠢᠬᠦ ᠶᠢᠨ ᠬᠠᠮᠲᠤ  ᠂ ᠲᠡᠳᠡᠨ ᠤ ᠭᠠᠯ ᠤᠨᠲᠠᠷᠠᠭᠠᠬᠤ ᠲᠦᠬᠦᠭᠡᠷᠦᠮᠵᠢ᠂ ᠢᠳᠡᠭᠡᠨ ᠤᠮᠳᠠᠭᠠᠨ ᠡᠮ ᠤᠨ ᠵᠦᠢᠯ ᠤᠨ ᠶᠠᠰᠤ ᠴᠢᠨᠠᠷ᠂ ᠡᠯ᠎ᠡ ᠲᠥᠷᠥᠯ ᠤᠨ  ᠪᠠᠭᠠᠵᠢ ᠲᠥᠬᠦᠭᠡᠷᠦᠮᠵᠢ ᠶᠢᠨ ᠬᠡᠷᠡᠭᠯᠡᠯᠲᠡ ᠶᠢᠨ ᠪᠠᠶᠢᠳᠠᠯ ᠳᠤ ᠠᠮᠤᠷ ᠲᠦᠪᠰᠢᠨ ᠤ ᠪᠠᠶᠢᠴᠠᠭᠠᠯᠲᠠ ᠬᠢᠵᠡᠢ᠃ ᠪᠠᠶᠢᠴᠠᠭᠠᠯᠳᠠ ᠶᠢᠨ ᠲᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠬᠦᠯᠵᠦ᠂  ᠠᠵᠢᠯᠳᠠᠳ ᠠᠴᠠ ᠲᠤᠬᠠᠢ ᠶᠢᠨ ᠲᠠᠯᠠᠪᠤᠷ ᠲᠤ    ᠴᠠᠭ ᠲᠤᠭᠳᠠᠵᠤ ᠴᠡᠭᠴᠡᠯᠡᠨ  ᠰᠠᠶᠢᠵᠢᠷᠠᠭᠤᠯᠬᠤ ᠱᠠᠭᠠᠷᠳᠠᠯᠭ᠎ᠠ  ᠲᠠᠯᠪᠢᠭᠰᠠᠨ ᠪᠦᠭᠡᠳ ︽ᠡᠷᠬᠢᠨ ᠬᠠᠷᠠᠬᠤ︾  ᠠᠷᠭ᠎ᠠ ᠬᠡᠯᠪᠡᠷᠢ ᠪᠠᠷ  ᠱᠠᠭᠠᠷᠳᠠᠨ ᠪᠠᠶᠢᠴᠠᠭᠠᠨ᠎ᠠ ᠭᠡᠵᠦ ᠲᠤᠭᠳᠠᠭᠰᠠᠨ ᠪᠠᠶᠢᠨ᠎ᠠ᠃ ᠪᠠᠶᠢᠴᠠᠭᠠᠬᠤ ᠳᠤᠭᠤᠶᠢᠯᠠᠩ ᠠᠴᠠ  ᠂ ᠡᠯ᠎ᠡ ᠡᠵᠡᠩᠨᠡᠯᠲᠡ ᠶᠢᠨ ᠨᠢᠭᠡᠴᠡ ᠨᠢ ᠡᠷᠭᠡᠪᠰᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠯ᠎ᠡ ᠲᠦᠷᠦᠯ ᠤᠨ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠴᠡᠭᠴᠡᠯᠡᠨ᠂ ᠠᠶᠤᠯ ᠲᠦᠭᠰᠢᠭᠦᠷᠢ  ᠶᠢᠨ ᠰᠡᠷᠭᠡᠶᠢᠯᠡᠯᠳᠡ ᠶᠢ ᠴᠢᠩᠭᠠᠳᠬᠠᠵᠤ᠂  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠠᠶᠤᠯᠬᠦᠢ  ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠷᠢᠯᠢᠬᠵᠢᠭᠤᠯᠵᠤ᠂ ᠳᠠᠯᠳᠠ ᠬᠡᠮ ᠢ ᠪᠠᠶᠢᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ  ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ ᠬᠡᠵᠦ ᠱᠠᠭᠠᠷᠳᠠᠪᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号