ᠬᠥᠳᠡᠭᠡ ᠲᠣᠰᠬᠤᠨ ᠤ ᠵᠠᠮ ᠢ ᠰᠠᠶᠢᠵᠢᠷᠠᠭᠤᠯᠬᠤ ᠪᠣᠯ ᠠᠷᠠᠳ ᠢᠷᠭᠡᠳ ᠤᠨ ᠡᠳᠦᠷ ᠲᠤᠲᠤᠮ ᠤᠨ ᠶᠠᠪᠤᠵᠤ | ᠰᠠᠭᠤᠬᠤ ᠳᠤ ᠬᠤᠯᠪᠤᠭᠳᠠᠭᠰᠠᠨ ᠴᠢᠬᠤᠯᠠ ᠶᠡᠭᠡ ᠠᠷᠠᠳ ᠤᠨ ᠠᠮᠢᠳᠤᠷᠠᠯ ᠤᠨ ᠪᠤᠳᠠᠳᠠᠢ ᠠᠵᠢᠯ ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠪᠠᠲᠤᠯᠠᠭ᠎ᠠ ᠪᠤᠯᠤᠨ᠎ᠠ᠃ ᠣᠶᠢᠷ᠎ᠠ ᠳᠤ᠂ ᠯᠦᠸᠧ | ᠲᠦᠸᠧ ᠱᠠᠨ ᠪᠠᠯᠭᠠᠰᠤ ᠨᠢ ᠣᠯᠠᠨ ᠲᠠᠯ᠎ᠠ ᠶᠢᠨ ᠵᠣᠬᠢᠴᠠᠭᠤᠯᠭ᠎ᠠ ᠪᠠᠷ ᠲᠠᠮᠵᠢᠭᠠᠳ᠂ ᠵᠡᠭᠡᠯᠢ ᠭᠤᠳᠤᠮᠵᠢ ᠶᠢᠨ ᠵᠠᠮ ᠢ | ᠵᠠᠰᠠᠬᠤ ᠲᠦᠷᠦᠯ ᠵᠦᠢᠯ ᠢ ᠡᠷᠡᠮᠡᠯᠵᠡᠯᠡᠨ ᠤᠯᠵᠤ ᠂ ︽ᠨᠢᠭᠡᠳᠦᠯᠲᠡᠢ ᠲᠦᠯᠦᠪᠵᠢᠬᠦᠯᠦᠨ᠂ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠬᠤ︾ ᠵᠠᠷᠴᠢᠮ ᠶᠣᠰᠣᠭᠠᠷ᠂ ᠣᠯᠠᠨ ᠲᠦᠮᠡᠨ ᠳᠤ ᠦᠨᠡᠨ ᠬᠦ ᠪᠣᠳᠠᠲᠠᠢ ᠠᠵᠢᠯ ᠬᠢᠵᠦ᠂ | ᠬᠦᠴᠢᠷ ᠠᠰᠠᠭᠤᠳᠠᠯ ᠢ ᠰᠢᠢᠳᠪᠦᠷᠢᠯᠡᠵᠦ ᠥᠭᠭᠦᠭᠰᠡᠨ ᠪᠠᠶᠢᠨ᠎ᠠ᠃ ᠡᠨᠡ ᠤᠳᠠᠭ᠎ᠠ ᠨᠡᠶᠢᠲᠡ 18000 ᠭᠠᠷᠤᠢ | ᠬᠠᠪᠳᠠᠭᠠᠢ ᠳᠥᠷᠪᠡᠯᠵᠢᠨ ᠮᠧᠲᠷ ᠪᠠᠷᠤᠭᠰᠢᠨ ᠵᠠᠮ ᠢ ᠰᠢᠨᠡᠳᠭᠡᠨ ᠲᠡᠪᠢᠰᠴᠦ᠂ ᠯᠦᠸᠧ ᠲᠦᠸᠧ ᠱᠠᠨ᠂ ᠵᠠᠩ ᠹᠠᠩ | ᠱᠠᠨ ᠬᠤᠶᠠᠷ ᠲᠣᠰᠬᠤᠨ ᠤ 2000 ᠭᠠᠷᠤᠢ ᠠᠷᠠᠳ ᠢᠷᠭᠡᠳ ᠲᠤ ᠠᠰᠢᠭ ᠬᠦᠷᠳᠡᠭᠡᠨ᠂ ᠲᠣᠰᠬᠤᠨ ᠤ ᠠᠷᠠᠳ ᠤᠨ | ︽ ᠶᠠᠭᠠᠷᠠᠵᠤ ᠵᠤᠪᠠᠨᠢᠵᠤ ᠬᠦᠴᠢᠷᠳᠡᠵᠦ ᠬᠦᠰᠡᠵᠦ︾ ᠪᠠᠶᠢᠭᠰᠠᠨ ᠠᠰᠠᠭᠤᠳᠠᠯ ᠢ ᠦᠨᠡᠨ ᠬᠦ ᠰᠢᠢᠳᠪᠦᠷᠢᠯᠡᠵᠡᠢ᠃ | ᠳᠠᠷᠠᠭᠠᠴᠢ ᠶᠢᠨ ᠠᠯᠬᠤᠮ ᠳᠤ ᠲᠤᠰ ᠪᠠᠯᠭᠠᠰᠤ ᠨᠢ ᠦᠷᠭᠦᠯᠵᠢᠯᠡᠨ ᠤᠯᠠᠨ ᠲᠦᠮᠡᠨ ᠳᠤ ᠪᠣᠳᠠᠲᠠᠢ ᠶᠠᠪᠤᠳᠠᠯ | ᠬᠢᠬᠦ ᠠᠴᠠ ᠭᠠᠷᠳᠠᠵᠦ᠂ ᠤᠯᠠᠨ ᠲᠦᠮᠡᠨ ᠤ ᠰᠡᠳᠬᠢᠯ ᠤᠨ ᠦᠭᠡ ᠶᠢ ᠰᠤᠨᠤᠰᠤᠨ᠂ ᠤᠯᠠᠨ ᠲᠦᠮᠡᠨ ᠤ ᠬᠦᠴᠢᠷ | ᠲᠦᠪᠡᠭ ᠢ ᠰᠢᠢᠳᠪᠦᠷᠢᠯᠡᠵᠦ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ | ᠰᠠᠶᠢᠵᠢᠷᠠᠭᠤᠯᠬᠤ ᠪᠠ ᠣᠷᠴᠢᠨ ᠲᠣᠭᠤᠷᠢᠨ ᠤ ᠵᠠᠰᠠᠯᠲᠠ ᠶᠢ ᠲᠡᠭᠦᠯᠳᠡᠷᠵᠢᠭᠦᠯᠬᠦ ᠪᠠᠷ ᠴᠢᠷᠮᠠᠶᠢᠨ᠂ ᠤᠯᠠᠨ ᠲᠦᠮᠡᠨ ᠤ | ᠠᠵᠠ ᠵᠢᠷᠭᠠᠯ ᠤᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠠᠬᠢᠭᠤᠯᠬᠤ ᠳᠤ ᠪᠠᠲᠤ ᠰᠠᠭᠤᠷᠢ ᠶᠢ | ᠲᠠᠯᠪᠢᠬᠤ ᠪᠠᠷ ᠪᠠᠶᠢᠨ᠎ᠠ᠃ |