ᠨᠠᠷᠠᠲᠤ ᠪᠠᠭᠰᠢ ᠶᠢᠨ ᠵᠢᠯᠣᠭᠤᠳᠤᠯᠭ᠎ᠠ ᠪᠠᠷ ᠵᠢᠭᠠᠨ ᠰᠤᠷᠭᠠᠯᠳᠠ ᠰᠠᠶᠢᠵᠢᠷᠠᠨ᠎ᠠ
ᠨᠡᠶᠢᠲᠡᠯᠡᠭᠰᠡᠨ ᠴᠠᠭ᠄
2022/10/11
  10 ᠰᠠᠷ᠎ᠠ ᠶᠢᠨ 9 ᠤ ᠡᠳᠦᠷ᠂  ᠲᠠᠶᠢᠹᠤᠰᠧ ᠬᠤᠰᠢᠭᠤᠨ ᠤ ᠰᠤᠷᠭᠠᠨ ᠬᠥᠮᠦᠵᠢᠯ ᠤᠨ ᠲᠤᠪᠴᠢᠶ᠎ᠠ ᠠᠴᠠ ᠭᠤᠣᠯᠯᠠᠨ ᠡᠷᠭᠢᠯᠡᠵᠦ᠂  ᠲᠠᠶᠢᠹᠤᠰᠧ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ  ᠠᠴᠠ ᠬᠠᠷᠢᠭᠤᠴᠠᠨ ᠡᠷᠭᠢᠯᠡᠭᠰᠡᠨ ᠵᠠᠩ ᠴᠦᠨ ᠮᠢᠩ ᠤᠨ ᠠᠩᠭ᠍ᠯᠢ ᠬᠡᠯᠡᠨ ᠤ ᠠᠵᠢᠯᠯᠠᠬᠤ ᠲᠠᠰᠤᠭ ᠵᠢᠩᠬᠢᠨᠢ ᠪᠠᠷ ᠡᠷᠦᠬᠡ ᠰᠡᠬᠦᠵᠦ᠂   ᠳᠡᠳ᠋  ᠬᠤᠰᠢᠭᠤ ᠳᠠᠷᠤᠭ᠎ᠠ  ᠡᠷᠳᠡᠨᠢᠪᠠᠭᠠᠳᠤᠷ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠫᠠᠶᠢᠰᠠ  ᠢᠯᠡᠷᠭᠡᠶᠢᠯᠡᠯ ᠢ ᠰᠡᠬᠦᠪᠡ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠪᠡᠭᠡᠵᠢᠩ ᠬᠤᠲᠠ ᠶᠢᠨ ᠴᠠᠩᠫᠢᠩ ᠲᠣᠭᠤᠷᠢᠭ ᠤᠨ ᠪᠠᠭᠰᠢ᠂ ᠠᠩᠭ᠍ᠯᠢ ᠬᠡᠯᠡᠨ ᠤ ᠠᠵᠢᠯ ᠤᠨ ᠠᠵᠢᠯᠯᠠᠬᠤ ᠲᠠᠰᠤᠭ ᠤᠨ ᠬᠠᠷᠢᠭᠤᠴᠠᠯᠭᠠᠲᠠᠨ ᠵᠠᠩ ᠴᠦᠨ ᠮᠢᠩ ᠢᠯᠡᠷᠭᠡᠶᠢᠯᠡᠬᠦ ᠳᠡᠭᠡᠨ᠂ ᠠᠵᠢᠯᠯᠠᠬᠤ ᠭᠠᠵᠠᠷ ᠤᠨ ᠡᠨᠡᠬᠦ ᠲᠠᠪᠴᠠᠩ ᠢ ᠠᠰᠢᠭᠯᠠᠵᠤ᠂ ᠲᠠᠶᠢᠹᠤᠰᠧ ᠬᠤᠰᠢᠭᠤᠨ ᠤ ᠠᠩᠭ᠍ᠯᠢ ᠬᠡᠯᠡᠨ ᠤ ᠪᠠᠭᠰᠢ ᠨᠠᠷ ᠲᠠᠢ ᠴᠠᠩᠫᠢᠩ ᠲᠣᠭᠤᠷᠢᠭ ᠤᠨ ᠰᠢᠯᠢᠳᠡᠭ ᠡᠬᠢ ᠪᠠᠶᠠᠯᠢᠭ ᠢ ᠬᠠᠮᠲᠤᠪᠠᠷ ᠡᠳ᠋ᠯᠡᠨ᠂ ᠨᠢᠭᠡᠨ ᠰᠠᠯᠠᠭ᠎ᠠ ᠰᠢᠯᠢᠳᠡᠭ ᠪᠠᠭᠰᠢ ᠶᠢᠨ ᠡᠩᠨᠡᠭᠡ ᠶᠢ ᠳᠠᠭᠠᠭᠤᠯᠵᠤ᠂ ᠡᠯ᠎ᠡ ᠰᠤᠷᠭᠠᠭᠤᠯᠢ ᠶᠢ ᠨᠥᠯᠥᠭᠡᠯᠡᠬᠦ ᠲᠠᠶᠢᠴᠢᠯᠠᠬᠤ ᠪᠠᠷ ᠴᠢᠷᠮᠠᠶᠢᠨ᠎ᠠ  ᠭᠡᠵᠡᠢ ᠃  ᠡᠬᠢᠯᠡᠯᠳᠡ ᠶᠢᠨ ᠶᠤᠰᠤᠯᠠᠯ ᠲᠡᠭᠡᠷ᠎ᠡ ᠪᠡᠭᠡᠵᠢᠩ ᠤᠨ ᠴᠢᠯᠠᠭᠤᠨ ᠲᠣᠰᠣᠨ ᠤ ᠳᠡᠭᠡᠳᠦ ᠰᠤᠷᠭᠠᠭᠤᠯᠢ ᠶᠢᠨ ᠬᠠᠷᠢᠶᠠᠲᠤ ᠪᠠᠭ᠎ᠠ ᠰᠤᠷᠭᠠᠭᠤᠯᠢ ᠶᠢᠨ ᠪᠠᠭᠰᠢ᠂ ᠪᠡᠭᠡᠵᠢᠩ ᠬᠤᠲᠠ ᠶᠢᠨ ᠣᠨᠴᠠ ᠲᠠᠰ ᠤᠨ ᠪᠠᠭᠰᠢ ᠯᠢᠦ ᠶᠢᠩ ᠠᠴᠠ︽ᠥᠩᠭᠡᠷᠡᠯᠲᠡ ᠪᠠᠨ ᠡᠷᠭᠢᠴᠡᠭᠦᠯᠵᠦ ᠦᠰᠦᠯᠳᠡ ᠪᠤᠶᠢᠵᠢᠯᠲᠠ ᠪᠠᠨ ᠤᠶᠢᠯᠠᠭᠠᠬᠤ︾   ᠲᠤᠰᠬᠠᠢ ᠰᠡᠳᠦᠪ ᠢᠶᠠᠷ ᠲᠠᠶᠢᠯᠤᠮᠵᠢ ᠬᠢᠵᠦ᠂ ᠥᠪᠡᠷ ᠤᠨ ᠦᠰᠴᠦ ᠪᠣᠶᠢᠵᠢᠭᠰᠠᠨ ᠥᠩᠭᠡᠷᠡᠯᠲᠡ ᠶᠢᠨ ᠢᠶᠠᠨ ᠲᠣᠭᠤᠷᠢᠨ ᠳᠤ ᠬᠡᠷᠬᠢᠨ ᠨᠢᠭᠡᠨ ᠰᠢᠯᠢᠳᠡᠭ ᠪᠠᠭᠰᠢ ᠪᠣᠯᠬᠤ ᠠᠴᠠ ᠭᠠᠷᠳᠠᠵᠤ ᠭᠦᠨᠵᠡᠭᠡᠢ ᠲᠠᠶᠢᠯᠪᠤᠷᠢᠯᠠᠭᠰᠠᠨ ᠪᠠᠶᠢᠨ᠎ᠠ᠃ ᠲᠠᠶᠢᠯᠤᠮᠵᠢ ᠶᠢᠨ ᠭᠤᠣᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠠᠶᠠᠯᠢᠭ᠂  ᠬᠡᠯᠡᠯᠭᠡ ᠨᠢ ᠠᠮᠢᠳᠤᠯᠢᠭ ᠮᠦᠷᠳᠡᠭᠡᠨ ᠣᠨᠣᠯᠴᠢ ᠴᠢᠨᠠᠷ ᠪᠠ ᠬᠠᠨᠳᠤᠯᠭᠠᠲᠤ ᠴᠢᠨᠠᠷ ᠢᠶᠠᠷ ᠴᠢᠩᠭ᠎ᠠ ᠪᠠᠶᠢᠵᠤ᠂  ᠲᠠᠶᠢᠹᠤᠰᠧ ᠬᠤᠰᠢᠭᠤᠨ ᠤ ᠪᠠᠭ᠎ᠠ ᠰᠤᠷᠭᠠᠭᠤᠯᠢ ᠶᠢᠨ ᠠᠩᠭ᠍ᠯᠢ ᠬᠡᠯᠡᠨ ᠤ ᠪᠠᠭᠰᠢ ᠨᠠᠷ ᠤᠨ ᠠᠵᠢᠯ ᠮᠡᠷᠭᠡᠵᠢᠯ ᠤᠨ ᠬᠥᠭᠵᠢᠯᠲᠡ ᠳᠤ ᠴᠢᠬᠤᠯᠠ ᠵᠢᠯᠤᠭᠤᠳᠬᠤ ᠦᠢᠯᠡᠳᠦᠯ ᠦᠵᠡᠬᠦᠯᠵᠡᠢ ᠃ ᠲᠠᠶᠢᠯᠤᠮᠵᠢ  ᠲᠠᠭᠤᠰᠤᠭᠰᠠᠨ ᠤ ᠳᠠᠷᠠᠭ᠎ᠠ᠂  ᠲᠠᠶᠢᠹᠤᠰᠧ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ   ᠶᠢᠨ ᠵᠣᠣ ᠰᠢᠶᠣᠣ ᠫᠢᠩ ᠪᠠᠭᠰᠢ᠂ ᠲᠠᠪᠤᠳᠤᠭᠠᠷ ᠪᠠᠭ᠎ᠠ ᠰᠤᠷᠭᠠᠭᠤᠯᠢ   ᠶᠢᠨ ᠨᠢᠦ ᠶᠢᠨ ᠮᠧᠶ  ᠪᠠᠭᠰᠢ ᠠᠴᠠ ᠦᠵᠡᠭᠦᠯᠦᠯᠭᠡ ᠶᠢᠨ ᠬᠢᠴᠢᠶᠡᠯ ᠤᠷᠤᠵᠤ᠂  ᠪᠤᠰᠤᠳ ᠪᠠᠭᠰᠢ ᠨᠠᠷ ᠬᠢᠴᠢᠶᠡᠯ ᠰᠤᠨᠤᠰᠴᠤ ᠦᠨᠡᠯᠡᠯᠳᠡ ᠬᠢᠪᠡ᠃  ᠡᠨᠡ ᠤᠳᠠᠭᠠᠨ ᠤ ᠲᠠᠶᠢᠯᠤᠮᠵᠢ ᠨᠢ ᠲᠠᠶᠢᠹᠤᠰᠧ ᠬᠤᠰᠢᠭᠤᠨ ᠤ ᠪᠠᠭᠰᠢ ᠨᠠᠷ ᠤᠨ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ  ᠴᠢᠨᠠᠭᠰᠢᠳᠠ ᠰᠢᠨᠡᠳᠬᠡᠵᠦ᠂ ᠵᠢᠭᠠᠨ ᠰᠤᠷᠭᠠᠬᠤ ᠠᠷᠭ᠎ᠠ ᠪᠠᠷᠢᠯ᠂ ᠵᠢᠭᠠᠨ ᠰᠤᠷᠭᠠᠬᠤ ᠦᠶᠯᠡ ᠠᠵᠢᠯᠯᠠᠭ᠎ᠠ ᠶᠢ ᠰᠠᠶᠢᠵᠢᠷᠠᠭᠤᠯᠤᠭᠠᠳ᠂ ᠤᠷᠤᠯᠴᠠᠭᠰᠠᠨ ᠪᠠᠭᠰᠢ ᠨᠠᠷ ᠪᠦᠷ ᠰᠢᠨ᠎ᠡ ᠣᠶᠢᠯᠠᠭᠠᠭᠳᠠᠬᠤᠨ ᠢ ᠪᠣᠳᠠᠲᠠᠢ ᠵᠢᠭᠠᠨ ᠰᠤᠷᠭᠠᠯᠲᠠ ᠶᠢᠨ ᠲᠤᠮᠳᠠ ᠨᠠᠶᠢᠳᠠᠪᠤᠷᠢᠵᠢᠭᠤᠯᠵᠤ᠂ ᠠᠩᠭ᠍ᠯᠢ ᠬᠡᠯᠡᠨ ᠤ ᠬᠢᠴᠢᠶᠡᠯ ᠤᠨ ᠲᠠᠩᠬᠢᠮ ᠳᠤ ᠰᠢᠨ᠎ᠡ ᠡᠨᠧᠷᠭᠢ ᠨᠡᠮᠡᠷᠢᠯᠡᠨ᠎ᠡ ᠭᠡᠵᠦ ᠢᠯᠡᠷᠭᠡᠶᠢᠯᠡᠭᠰᠡᠨ ᠪᠠᠶᠢᠨ᠎ᠠ᠃ ᠬᠤᠰᠢᠭᠤᠨ ᠤ ᠰᠤᠷᠭᠠᠨ ᠬᠥᠮᠦᠵᠢᠯ ᠤᠨ ᠲᠤᠪᠴᠢᠶᠠᠨ ᠤ ᠭᠤᠣᠯ ᠬᠠᠷᠢᠭᠤᠴᠠᠯᠭᠠᠲᠠᠨ ᠵᠢᠴᠢ ᠡᠯ᠎ᠡ ᠰᠠᠯᠠᠭ᠎ᠠ ᠲᠠᠰᠤᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂  ᠪᠦᠬᠦ ᠬᠤᠰᠢᠭᠤᠨ ᠤ  ᠪᠠᠭ᠎ᠠ ᠰᠤᠷᠭᠠᠭᠤᠯᠢ ᠶᠢᠨ ᠠᠩᠭ᠍ᠯᠢ ᠬᠡᠯᠡᠨ ᠤ ᠪᠠᠭᠰᠢ ᠨᠠᠷ ᠶᠣᠰᠣᠯᠠᠯ ᠳᠤ ᠣᠷᠣᠯᠴᠠᠪᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号