ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠠᠮᠤᠷ ᠲᠦᠪᠰᠢᠨ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2022/10/11
    ᠪᠥᠬᠦ ᠠᠵᠢᠯᠲᠠᠳ ᠤᠨ ᠢᠶᠠᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠵᠥᠪ ᠬᠡᠷᠡᠭᠯᠡᠬᠦ ᠪᠠ ᠭᠠᠯ ᠤᠨᠲᠠᠷᠠᠭᠠᠬᠤ ᠠᠷᠭ᠎ᠠ ᠮᠡᠷᠭᠡᠵᠢᠯ ᠢ ᠡᠵᠡᠮᠰᠢᠬᠦ ᠬᠢᠷᠢ ᠲᠦᠪᠰᠢᠨ ᠢ ᠳᠡᠭᠡᠭᠰᠢᠯᠡᠭᠦᠯᠵᠦ᠂  ᠭᠠᠯ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ᠂ 10 ᠰᠠᠷ᠎ᠠ ᠶᠢᠨ 10 ᠤ ᠡᠳᠦᠷ ᠲᠠᠶᠢᠹᠤᠰᠧ ᠬᠤᠰᠢᠭᠤᠨ ᠤ ᠲᠠᠯ᠎ᠠ ᠨᠤᠲᠤᠭ ᠠᠷᠢᠬᠢ ᠨᠡᠷᠡᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠢᠨ ᠠᠵᠢᠯᠲᠠᠳ ᠢᠶᠠᠨ ᠵᠣᠬᠢᠶᠠᠨ ᠪᠠᠶᠢᠭᠤᠯᠵᠤ ᠭᠠᠯ ᠤᠨᠲᠠᠷᠠᠭᠠᠬᠤ ᠰᠣᠷᠢᠯᠲᠠ ᠬᠢᠵᠡᠢ᠃ ᠰᠣᠷᠢᠯᠲᠠ ᠶᠢᠨ ᠲᠠᠯᠠᠪᠠᠶ ᠳᠤ᠂ ᠠᠵᠢᠯᠲᠠᠳ ᠭᠠᠯ ᠰᠡᠷᠭᠡᠶᠢᠯᠡᠬᠦ ᠦᠨᠳᠦᠰᠦᠨ ᠮᠡᠳᠡᠯᠭᠡ ᠶᠢ ᠰᠤᠷᠴᠤ ᠡᠵᠡᠮᠰᠢᠭᠰᠡᠨ ᠪᠦᠭᠡᠳ  ᠠᠬᠤᠢ ᠲᠠᠯᠠᠪᠠᠢ ᠳᠤ ᠭᠠᠯ ᠤᠨᠲᠠᠷᠠᠭᠠᠬᠤ ᠰᠣᠷᠢᠯᠲᠠ ᠬᠢᠭᠰᠡᠨ ᠪᠠᠶᠢᠨ᠎ᠠ᠃  ᠡᠨᠡ ᠤᠳᠠᠭᠠᠨ ᠤ  ᠰᠣᠷᠢᠯᠲᠠ ᠪᠠᠷ ᠲᠠᠮᠵᠢᠭᠠᠳ᠂  ᠠᠷᠢᠬᠢᠨ ᠦᠢᠯᠡᠳᠪᠦᠷᠢ ᠶᠢᠨ ᠪᠥᠬᠦ ᠠᠵᠢᠯᠲᠠᠳ ᠤᠨ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ︾   ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠳᠬᠠᠵᠤ᠂   ᠠᠵᠢᠯᠲᠠᠳ ᠤᠨ ᠥᠪᠡᠷ ᠢ ᠪᠠᠨ ᠠᠪᠤᠷᠠᠬᠤ  ᠴᠢᠳᠠᠪᠤᠷᠢ ᠪᠠ  ᠪᠠᠴᠢᠮ ᠪᠠᠶᠢᠳᠠᠯ ᠳᠣᠣᠷᠠᠬᠢ  ᠬᠠᠮᠵᠢᠯᠴᠠᠨ ᠠᠷᠭᠠᠴᠠᠬᠤ ᠴᠢᠳᠠᠪᠤᠷᠢ ᠶᠢ ᠲᠡᠭᠡᠭᠰᠢᠯᠡᠬᠦᠯᠵᠦ ᠂ ᠭᠠᠯ ᠤᠨᠲᠠᠷᠠᠭᠠᠬᠤ ᠪᠠᠭᠠᠵᠢ ᠬᠡᠷᠡᠭᠰᠡᠯ  ᠬᠡᠷᠡᠭᠯᠡᠬᠦ ᠠᠷᠭ᠎ᠠ ᠪᠠᠷᠢᠯ ᠢ ᠪᠣᠯᠪᠠᠰᠤᠷᠠᠩᠭᠤᠢ ᠡᠵᠡᠮᠰᠢᠬᠦᠯᠦᠭᠡᠳ᠂   ᠠᠵᠤ ᠠᠬᠤᠶᠢᠯᠠᠯ ᠤᠨ  ᠠᠮᠤᠷ ᠲᠦᠪᠰᠢᠨ   ᠢᠶᠠᠷ ᠬᠥᠭᠵᠢᠬᠦ ᠳᠤ ᠪᠠᠲᠤ ᠪᠠᠬᠢ ᠰᠠᠭᠤᠷᠢ ᠶᠢ  ᠲᠠᠯᠪᠢᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号