ᠪᠤᠤᠴᠠᠩ ᠪᠠᠯᠭᠠᠰᠤᠨ ᠳᠤ ᠬᠢᠵᠢᠭ ᠰᠡᠷᠭᠡᠶᠢᠯᠡᠬᠦ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2022/10/12
    10 ᠰᠠᠷ᠎ᠠ ᠶᠢᠨ 9 ᠤ ᠡᠳᠦᠷ  ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠠᠵᠢᠯ ᠤᠨ ᠨᠡᠶᠢᠭᠡᠮ ᠤᠨ ᠬᠠᠮᠢᠶᠠᠷᠤᠯᠳᠠ ᠲᠤᠰᠬᠠᠢ ᠠᠩᠭᠢ ᠶᠢᠨ   ᠬᠢᠨ ᠪᠤᠤᠴᠠᠩ ᠪᠠᠯᠭᠠᠰᠤᠨ ᠳᠤ ᠬᠦᠷᠴᠦ  ᠶᠠᠷᠢᠯᠴᠠᠬᠤ ᠬᠤᠷᠠᠯ  ᠬᠢᠭᠰᠡᠨ ᠪᠠᠶᠢᠨ᠎ᠠ᠃ ᠲᠤᠰᠬᠠᠢ ᠠᠩᠬᠢ ᠶᠢᠨ  ᠵᠢᠯᠤᠭᠤᠳᠤᠭᠴᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠳ᠋ᠦ᠋ ᠸᠧᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂  ᠳᠡᠳ᠋  ᠵᠢᠯᠤᠭᠤᠳᠤᠭᠴᠢ ᠶᠠᠩ ᠫᠧᠢ ᠴᠦᠨ᠂ ᠹᠠᠨ ᠰᠢᠶᠣᠣ ᠫᠢᠩ ᠵᠢᠴᠢ ᠪᠤᠤᠴᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠰᠢ ᠪᠢᠨ᠂ ᠨᠠᠮ ᠤᠨ ᠬᠤᠷᠢᠶᠠᠨ ᠤ ᠳᠡᠳ᠋ ᠱᠦᠵᠢ᠂  ᠪᠠᠯᠭᠠᠰᠤᠨ ᠳᠠᠷᠤᠭ᠎ᠠ ᠽᠦᠸᠧ ᡁᠢ ᠭᠦᠸᠧ᠂  ᠳᠡᠳ᠋ ᠪᠠᠯᠭᠠᠰᠤᠨ ᠳᠠᠷᠤᠭ᠎ᠠ ᠯᠢᠦ ᠴᠦᠨ ᠵᠢᠶᠧ᠂ ᠡᠯ᠎ᠡ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠶᠠᠷᠢᠯᠴᠠᠬᠤ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠨᠡᠶᠢᠭᠡᠮ ᠲᠣᠭᠤᠷᠢᠭ ᠤᠨ ᠱᠦᠵᠢ ᠨᠠᠷ ᠠᠴᠠ    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠰᠢᠵᠤ ᠪᠠᠶᠢᠭ᠎ᠠ ᠪᠣᠳᠠᠲᠠᠢ ᠬᠦᠴᠢᠷᠳᠡᠯ ᠪᠠ ᠠᠰᠠᠭᠤᠳᠠᠯ ᠢᠶᠠᠨ ᠬᠠᠷᠢᠭᠤ ᠮᠡᠳᠡᠬᠦᠯᠵᠦ᠂  ᠬᠢᠵᠢᠭ ᠰᠡᠷᠭᠡᠶᠢᠯᠡᠬᠦ ᠠᠵᠢᠯ   ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠪᠠᠯᠭᠠᠰᠤᠨ ᠳᠠᠷᠤᠭ᠎ᠠ ᠯᠢᠦ ᠴᠦᠨ ᠵᠢᠶᠧ ᠠᠴᠠ ᠪᠦᠬᠦ ᠪᠠᠯᠭᠠᠰᠤᠨ ᠤ ᠬᠢᠵᠢᠭ ᠰᠡᠷᠭᠡᠶᠢᠯᠡᠬᠦ ᠠᠵᠢᠯ ᠤᠨ ᠲᠤᠬᠠᠢ ᠳ᠋ᠦᠩᠨᠡᠯᠲᠡ   ᠶᠢᠨ ᠶᠠᠷᠢᠶ᠎ᠠ ᠲᠠᠯᠪᠢᠵᠠᠢ᠃  ᠲᠤᠰᠬᠠᠢ ᠠᠩᠭᠢ ᠶᠢᠨ ᠬᠢᠨ  ᠪᠠᠯᠭᠠᠰᠤᠨ ᠤ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠡᠯ᠎ᠡ ᠨᠡᠶᠢᠭᠡᠮ ᠲᠣᠭᠤᠷᠢᠭ ᠤᠨ ᠲᠤᠷᠠᠳᠤᠭᠰᠠᠨ ᠠᠰᠠᠭᠤᠳᠠᠯ ᠢ ᠶᠠᠷᠢᠯᠴᠠᠨ ᠰᠤᠳᠤᠯᠤᠭᠰᠠᠨ ᠪᠦᠭᠡᠳ ᠰᠢᠢᠳᠪᠦᠷᠢᠯᠡᠬᠦ ᠰᠠᠨᠠᠯ ᠳᠤᠷᠠᠳᠴᠤ᠂ ᠰᠢᠢᠳᠪᠦᠷᠢᠯᠡᠬᠦ ᠳᠤ ᠬᠦᠴᠢᠷᠲᠡᠢ ᠠᠰᠠᠭᠤᠳᠠᠯ ᠢ ᠡᠮᠬᠢᠯᠡᠨ ᠲᠠᠩᠰᠠᠯᠠᠵᠤ᠂   ᠬᠤᠰᠢᠭᠤᠨ   ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠲᠤ ᠮᠡᠳᠡᠬᠦᠯᠦᠭᠰᠡᠨ ᠪᠠᠶᠢᠨ᠎ᠠ᠃ ᠳ᠋ᠦ᠋ ᠸᠧᠢ  ᠬᠤᠷᠠᠯ ᠤᠨ ᠶᠠᠷᠢᠶᠠᠨ ᠳᠠᠭᠠᠨ᠂  ᠦᠨᠳᠦᠰᠦᠨ ᠱᠠᠲᠤᠨ ᠤ ᠲᠤᠤᠷᠴᠢᠯᠠᠭᠰᠠᠨ ᠬᠠᠮᠢᠶᠠᠷᠤᠯᠲᠠ   ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨᠴᠢ ᠮᠦᠷᠳᠡᠭᠡᠨ ᠨᠠᠷᠢᠯᠢᠭ ᠣᠨᠣᠴᠢᠲᠠᠢ ᠪᠠᠷ  ᠪᠠᠶᠢᠷᠢᠰᠢᠯ ᠢ ᠲᠤᠭᠳᠠᠭᠠᠨ᠂ ᠥᠯᠥ ᠣᠨᠣᠭᠳᠠᠬᠤ ᠭᠠᠵᠠᠷ᠂ ᠪᠠᠯᠠᠢ ᠭᠠᠵᠠᠷ ᠭᠠᠷᠬᠤ ᠠᠴᠠ ᠵᠠᠶᠢᠯᠠᠰᠬᠢᠵᠦ᠂  ᠡᠪᠡᠳᠴᠢᠨ ᠬᠢᠵᠢᠭ  ᠬᠠᠯᠳᠠᠪᠤᠷᠢᠯᠠᠬᠤ ᠶᠢ ᠡᠷᠡᠰ ᠰᠡᠷᠭᠡᠶᠢᠯᠡᠬᠦ ᠬᠡᠷᠡᠭᠲᠡᠢ᠃  ᠳᠠᠭᠠᠭᠠᠴᠢᠯᠠᠨ ᠬᠤᠯᠪᠣᠭᠠᠯᠠᠬᠤ ᠨᠢᠭᠡᠴᠡ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠲᠣᠰ ᠲᠣᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠠᠵᠢᠯ ᠳᠤ ᠬᠠᠮᠵᠢᠯᠴᠠᠵᠤ᠂ ᠳᠠᠭᠠᠭᠠᠴᠢᠯᠠᠨ ᠬᠤᠯᠪᠣᠭᠠᠯᠠᠬᠤ  ᠠᠵᠢᠯ ᠤᠨ ᠨᠡᠶᠢᠳᠡᠮ ᠬᠠᠮᠤᠷᠬᠤ ᠶᠢ ᠪᠡᠶᠡᠯᠡᠬᠦᠯᠬᠦ ᠭᠡᠷᠡᠭᠳᠡᠢ᠃  ᠪᠣᠯᠪᠠᠰᠤᠷᠠᠯ ᠰᠣᠷᠢᠯᠲᠠ ᠶᠢ ᠴᠢᠩᠭᠠᠳᠬᠠᠵᠤ᠂ ᠤᠬᠠᠭᠤᠯᠭ᠎ᠠ ᠵᠢᠯᠤᠭᠤᠳᠤᠯᠭ᠎ᠠ  ᠂  ᠠᠷᠢᠭᠤᠳᠬᠠᠯ᠂  ᠪᠥᠭᠡᠮ ᠬᠦᠴᠢᠯ  ᠤᠨ ᠪᠠᠶᠢᠴᠠᠭᠠᠯᠳᠠ ᠵᠡᠷᠭᠡ  ᠠᠵᠢᠯ ᠢ ᠪᠣᠳᠠᠲᠠᠢ ᠮᠦᠷᠳᠡᠭᠡᠨ ᠨᠠᠷᠢᠯᠢᠭ ᠬᠢᠬᠦ ᠬᠡᠷᠡᠭᠲᠡᠢ᠃ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠨ᠂ ᠪᠢᠲᠡᠭᠦᠮᠵᠢᠯᠡᠨ ᠬᠠᠮᠢᠶᠠᠷᠬᠤ  ᠂ ᠪᠠᠶᠢᠩᠭᠤ ᠬᠡᠷᠡᠭᠯᠡᠬᠦ ᠡᠳ᠋ ᠪᠣᠳᠠᠰ ᠤᠨ ᠨᠥᠭᠡᠴᠡ ᠭᠦᠢᠴᠡᠳ ᠪᠠᠶᠢᠬᠤ ᠶᠢ ᠪᠠᠲᠤᠯᠠᠵᠤ᠂ ᠪᠥᠭᠡᠮ ᠬᠦᠴᠢᠯ ᠤᠨ ᠪᠠᠶᠢᠴᠠᠭᠠᠯᠳᠠ ᠶᠢᠨ ᠴᠡᠭ ᠤᠨ  ᠳᠤᠯᠠᠭᠠᠯᠠᠭ᠎ᠠ ᠶᠢᠨ ᠠᠵᠢᠯ ᠢ ᠰᠠᠶᠢᠨ ᠬᠢᠬᠦ ᠬᠡᠷᠡᠭᠲᠡᠢ᠃  ᠪᠠᠶᠢᠴᠠᠭᠠᠯᠳᠠ ᠶᠢᠨ ᠪᠣᠭᠤᠮᠲᠠ ᠠᠴᠠ ᠬᠦᠷᠭᠡᠭᠰᠡᠨ ᠮᠡᠳᠡᠭᠡ ᠵᠠᠩᠭᠢ ᠶᠢ ᠴᠠᠭ ᠲᠤᠬᠠᠢ ᠳᠤᠨᠢ ᠵᠢᠭᠰᠠᠭᠠᠨ ᠪᠠᠶᠢᠴᠠᠭᠠᠵᠤ᠂ ᠬᠠᠮᠢᠶᠠᠷᠤᠨ ᠡᠵᠡᠮᠳᠡᠬᠦ ᠠᠵᠢᠯ ᠢ ᠰᠠᠶᠢᠨ ᠬᠢᠬᠦ ᠬᠡᠷᠡᠭᠲᠡᠢ ᠬᠡᠵᠦ ᠴᠢᠬᠤᠯᠠᠴᠢᠯᠠᠵᠠᠢ᠃ ᠸᠠᠩ ᠰᠢ ᠪᠢᠨ ᠱᠠᠭᠠᠷᠳᠠᠬᠤ  ᠳᠠᠭᠠᠨ᠂ ᠨᠡᠶᠢᠭᠡᠮ ᠲᠣᠭᠤᠷᠢᠭ ᠤᠨ ᠱᠦᠵᠢ ᠨᠠᠷ ᠠᠵᠢᠯ ᠤᠨ ᠠᠬᠢᠴᠠ ᠪᠠᠨ ᠲᠦᠷᠭᠡᠳᠬᠡᠵᠦ᠂ ᠠᠯᠳᠠᠭᠳᠠᠯ ᠢ ᠪᠠᠶᠢᠴᠠᠭᠠᠨ ᠳᠤᠲᠠᠭᠳᠠᠯ ᠢᠶᠠᠨ ᠨᠥᠬᠦᠪᠦᠷᠢᠯᠡᠵᠦ᠂ ᠣᠷᠣᠰᠢᠵᠤ ᠪᠠᠶᠢᠭ᠎ᠠ  ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ  ᠰᠠᠶᠢᠵᠢᠷᠠᠭᠤᠯᠬᠤ ᠬᠡᠷᠡᠭᠲᠡᠢ  ᠃ ᠡᠭᠦᠨ ᠤ  ᠬᠠᠮᠳᠤ  ᠭᠤᠣᠯᠳᠠᠯᠭ᠎ᠠ   ᠶᠢ  ᠠᠩᠬᠠᠷᠴᠤ᠂ ᠪᠡᠷᠬᠡ ᠰᠡᠳᠦᠪ   ᠢ ᠰᠢᠢᠳᠪᠦᠷᠢᠯᠡᠬᠦ ᠪᠠᠷ ᠴᠢᠷᠮᠠᠶᠢᠨ᠂ ᠨᠡᠶᠢᠭᠡᠮ ᠲᠣᠭᠤᠷᠢᠭ   ᠤᠨ ᠰᠡᠷᠭᠡᠶᠢᠯᠡᠯᠲᠡ   ᠶᠢᠨ ᠱᠤᠭᠤᠮ ᠢ ᠴᠢᠩᠭ᠎ᠠ ᠰᠠᠬᠢᠵᠤ᠂  ᠬᠠᠷᠢᠶ᠎ᠠ ᠤᠷᠤᠨ ᠤ ᠪᠠᠨ ᠠᠮᠤᠷ ᠲᠣᠭᠲᠠᠭᠤᠨ ᠢ ᠦᠨᠡᠨᠬᠦ ᠪᠠᠲᠤᠯᠠᠬᠤ ᠬᠡᠷᠡᠭᠲᠡᠢ ᠭᠡᠪᠡ᠃   ᠽᠦᠸᠧ ᡁᠢ ᠭᠦᠸᠧ  ᠠᠴᠠ  ᠂  ᠨᠡᠶᠢᠭᠡᠮ ᠲᠣᠭᠤᠷᠢᠭ ᠤᠨ ᠱᠦᠵᠢ ᠨᠠᠷ ᠦᠵᠡᠯ ᠰᠠᠨᠠᠭ᠎ᠠ ᠪᠠᠨ ᠲᠡᠭᠡᠭᠰᠢᠯᠡᠬᠦᠯᠵᠦ᠂ ᠴᠤᠭ ᠰᠦᠯᠳᠡ ᠪᠠᠨ ᠪᠠᠳᠠᠷᠠᠭᠤᠯᠤᠨ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠳᠤᠲᠠᠭᠤᠳᠠᠯ ᠢᠶᠠᠨ ᠴᠠᠭ ᠲᠤᠬᠠᠢ ᠳᠤᠨᠢ ᠨᠥᠬᠦᠪᠦᠷᠢᠯᠡᠬᠦ ᠬᠡᠷᠡᠭᠲᠡᠢ᠃   ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠢ ᠠᠩᠭᠢ ᠳᠤ  ᠢᠳᠡᠪᠬᠢᠳᠡᠢ ᠬᠠᠮᠵᠢᠯᠴᠠᠨ  ᠂ ᠰᠡᠷᠭᠡᠶᠢᠯᠡᠨ ᠡᠵᠡᠮᠳᠡᠬᠦ ᠰᠣᠷᠢᠯᠲᠠ ᠶᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠭᠠᠷᠤᠮᠠᠭᠴᠠ ᠪᠠᠶᠢᠴᠠᠭᠠᠨ ᠰᠢᠯᠭᠠᠬᠤ ᠪᠠ ᠬᠠᠮᠢᠶᠠᠷᠤᠨ ᠡᠵᠡᠮᠳᠡᠬᠦ ᠠᠵᠢᠯ ᠢ ᠲᠠᠷᠤᠢ ᠲᠦᠷᠭᠡᠨ ᠬᠢᠬᠦ ᠬᠡᠷᠡᠭᠲᠡᠢ᠃ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠬᠢᠵᠢᠭ  ᠰᠡᠷᠭᠡᠶᠢᠯᠡᠬᠦ ᠪᠠ ᠠᠮᠤᠷ ᠲᠣᠭᠲᠠᠭᠤᠨ ᠢ ᠬᠠᠮᠠᠭᠠᠯᠠᠬᠤ ᠡᠯ᠎ᠡ ᠲᠦᠷᠦᠯ ᠤᠨ ᠠᠵᠢᠯ ᠢ ᠦᠨᠡᠨᠬᠦ ᠰᠠᠶᠢᠨ ᠬᠢᠵᠦ᠂ ᠨᠡᠶᠢᠭᠡᠮ ᠤᠨ ᠬᠠᠮᠢᠶᠠᠷᠤᠯᠲᠠ   ᠶᠢᠨ ᠠᠵᠢᠯ ᠤᠨ ᠡᠷᠡᠭᠦᠯ ᠢᠶᠠᠷ ᠶᠠᠪᠤᠭᠳᠠᠬᠤ ᠶᠢ ᠠᠬᠢᠭᠤᠯᠤᠨ ᠂  ᠠᠮᠤᠷ ᠲᠣᠭᠲᠠᠭᠤᠨ ᠡᠶ᠎ᠡ ᠵᠣᠬᠢᠴᠠᠩᠭᠤᠢ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ  ᠪᠠᠳᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃  
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号