ᠯᠦᠸᠧ ᠲᠦᠸᠧ ᠱᠠᠨ ᠪᠠᠯᠭᠠᠰᠤ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠤᠯᠪᠤᠭᠠᠯᠠᠵᠤ ᠠᠶᠤᠯᠭᠦᠢ ᠦᠢᠯᠡᠳᠪᠦᠷᠢᠯᠡᠯ ᠤᠨ ᠲᠤᠰᠬᠠᠢ ᠪᠠᠶᠢᠴᠠᠭᠠᠯᠲᠠ ᠬᠢᠭᠰᠡᠨ
ᠨᠡᠶᠢᠲᠡᠯᠡᠭᠰᠡᠨ ᠴᠠᠭ᠄
2022/10/12
   ᠠᠶᠤᠯᠭᠦᠢ ᠦᠢᠯᠡᠳᠪᠦᠷᠢᠯᠡᠯ ᠤᠨ ᠡᠯ᠎ᠡ ᠲᠦᠷᠦᠯ ᠤᠨ ᠠᠵᠢᠯ ᠢ ᠦᠨᠡᠨᠬᠦ ᠰᠠᠶᠢᠨ ᠬᠢᠬᠦ ᠶᠢᠨ ᠲᠥᠯᠥᠭᠡ᠂ 10 ᠰᠠᠷ᠎ᠠ ᠶᠢᠨ 10  ᠤ ᠡᠳᠦᠷ ᠯᠥᠸᠧ ᠲᠦᠸᠧ ᠱᠠᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠭᠠᠲᠤᠷ᠂  ᠳᠡᠳ᠋ ᠪᠠᠯᠭᠠᠰᠤᠨ ᠳᠠᠷᠤᠭ᠎ᠠ ᠸᠠᠩ ᠯᠠᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶᠠᠨ ᠤ ᠳᠠᠷᠤᠭ᠎ᠠ ᠽᠦᠸᠧ ᠲᠠᠢ᠂ ᠳᠡᠳ᠋ ᠲᠣᠪᠴᠢᠶᠠᠨ ᠳᠠᠷᠤᠭ᠎ᠠ ᠰᠦᠨ ᠰᠢᠤᠸᠠᠢ ᠮᠢᠩ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ ᠭᠤᠤ ᠬᠠᠢ ᠫᠧᠩ  ᠵᠡᠷᠭᠡ ᠤᠳᠤᠷᠢᠳᠤᠯᠭ᠎ᠠ ᠪᠠ ᠠᠵᠢᠯᠳᠠᠳ ᠢᠶᠠᠷ ᠪᠦᠷᠢᠯᠳᠦᠭᠰᠡᠨ ᠪᠠᠶᠢᠴᠠᠭᠠᠬᠤ ᠲᠤᠭᠤᠶᠢᠯᠠᠩ ᠯᠦᠸᠧ ᠲᠦᠸᠧ ᠱᠠᠨ ᠪᠠᠯᠭᠠᠰᠤᠨ ᠤ ᠬᠠᠷᠢᠶᠠᠨ  ᠳᠠᠬᠢ ᠭᠤᠣᠯᠳᠠᠯᠭ᠎ᠠ ᠲᠠᠢ ᠠᠵᠤ ᠠᠬᠤᠶᠢᠯᠠᠯ ᠳᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠭᠰᠡᠨ ᠪᠠᠶᠢᠨ᠎ᠠ᠃ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ  ᠵᠢᠩ ᠮᠧᠩ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠣᠨ ᠰᠢᠨ ᠬᠠᠢ ᠴᠠᠷᠳᠠᠭᠤᠯ ᠤᠨ ᠦᠢᠯᠡᠳᠪᠦᠷᠢ  ᠳᠤ ᠬᠦᠷᠴᠦ᠂ ᠦᠢᠯᠡᠳᠪᠦᠷᠢᠯᠡᠯ ᠤᠨ ᠠᠵᠢᠯᠯᠠᠭ᠎ᠠ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠪᠡᠯᠡᠳᠬᠡᠯ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠲᠦᠰᠦᠪ᠂ ᠠᠮᠤᠷ ᠲᠦᠪᠰᠢᠨ ᠤ ᠬᠡᠮ ᠰᠣᠭᠤᠭ ᠤᠨ ᠪᠠᠶᠢᠴᠠᠭᠠᠯᠳᠠ ᠴᠡᠭᠴᠡᠯᠡᠯᠳᠡ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠠᠩᠰᠠ ᠡᠪᠬᠡᠮᠡᠯ   ᠤᠨ ᠪᠠᠶᠢᠳᠠᠯ ᠵᠡᠷᠭᠡ   ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠤ  ᠬᠠᠮᠲᠤ᠂  ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠠᠵᠢᠯ ᠤᠨ ᠭᠠᠵᠠᠷ ᠲᠤ ᠰᠡᠷᠡᠮᠵᠢ ᠶᠢᠨ ᠲᠡᠮᠳᠡᠭ ᠢᠯᠡᠷᠭᠡᠶᠢᠯᠡᠯ ᠪᠠᠶᠢᠷᠢᠯᠠᠭᠤᠯᠤᠭᠰᠠᠨ ᠡᠰᠡᠬᠦ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠠᠷᠭ᠎ᠠ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠨᠠᠷᠢᠨ ᠪᠠᠶᠢᠴᠠᠭᠠᠯᠲᠠ ᠬᠢᠵᠡᠢ᠃  ᠪᠠᠶᠢᠴᠠᠭᠠᠬᠤ ᠲᠤᠭᠤᠶᠢᠯᠠᠩ ᠠᠴᠠ ᠱᠠᠭᠠᠷᠳᠠᠬᠤ ᠳᠠᠭᠠᠨ  ᠂  ᠨᠢᠬᠡ ᠳᠤ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠬᠤᠶᠠᠷ ᠲᠤ ᠠᠶᠤᠯᠭᠦᠢ ᠦᠢᠯᠡᠳᠪᠦᠷᠢᠯᠡᠯ ᠤᠨ ᠵᠠᠰᠠᠯᠲᠠ ᠶᠢᠨ ᠲᠦᠪᠰᠢᠨ ᠪᠣᠯᠣᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ  ᠠᠶᠤᠯ ᠲᠦᠭᠰᠢᠭᠦᠷᠢ ᠶᠢ ᠢᠯᠭᠠᠨ ᠲᠠᠨᠢᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠵᠦ᠂  ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ  ᠲᠦᠰᠦᠪ ᠢ ᠲᠤᠭᠳᠠᠭᠠᠨ᠂  ᠬᠦᠨᠳᠦ ᠶᠡᠭᠡ ᠠᠶᠤᠯ ᠬᠡᠮ ᠢ ᠦᠨᠳᠦᠰᠦᠨ ᠠᠴᠠ ᠨᠢ ᠰᠡᠷᠭᠡᠶᠢᠯᠡᠨ ᠠᠷᠢᠯᠭᠠᠵᠤ᠂ ᠠᠮᠤᠷ  ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠪᠡ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号