ᠬᠡᠦᠬᠡᠳ ᠤᠨ ᠴᠡᠴᠡᠷᠯᠢᠭ ᠤᠨ ᠦᠷᠨᠢᠬᠦᠯᠦᠭᠰᠡᠨ ᠬᠠᠮᠳᠤᠷᠠᠨ ᠪᠠᠶᠢᠭᠤᠯᠬᠤ ᠠᠵᠢᠯᠯᠠᠭ᠎ᠠ
ᠨᠡᠶᠢᠲᠡᠯᠡᠭᠰᠡᠨ ᠴᠠᠭ᠄
2022/10/13
 10 ᠰᠠᠷ᠎ᠠ ᠶᠢᠨ 11 ᠤ ᠡᠳᠦᠷ᠂ ᠲᠠᠶᠢᠹᠤᠰᠧ ᠬᠤᠰᠢᠭᠤᠨ ᠤ ᠪᠤᠤᠴᠠᠩ ᠬᠡᠦᠬᠡᠳ ᠤᠨ ᠴᠡᠴᠡᠷᠯᠢᠭ ᠲᠤ ︽ᠨᠠᠮ ᠤᠨ ᠪᠠᠶᠢᠭᠤᠯᠤᠯᠲᠠ ᠪᠠᠷ  ᠬᠥᠲᠥᠯᠥᠨ ᠳᠠᠭᠠᠭᠤᠯᠵᠤ᠂ ᠬᠦᠴᠦᠨ ᠢᠶᠠᠨ ᠨᠢᠬᠡᠳᠬᠡᠵᠦ ᠡᠷᠡᠯᠬᠡᠭᠯᠡᠨ ᠤᠷᠤᠭᠰᠢᠯᠠᠬᠤ︾   ᠬᠠᠮᠳᠤᠷᠠᠨ ᠪᠠᠶᠢᠭᠤᠯᠬᠤ  ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠶᠠᠪᠤᠭᠳᠠᠵᠤ᠂  ᠪᠤᠤᠴᠠᠩ ᠬᠡᠦᠬᠡᠳ ᠤᠨ ᠴᠡᠴᠡᠷᠯᠢᠭ᠂  ᠨᠢᠭᠡᠳᠦᠭᠡᠷ ᠬᠡᠦᠬᠡᠳ ᠤᠨ ᠴᠡᠴᠡᠷᠯᠢᠭ᠂ ᠶᠠᠩ ᠭᠤᠸᠠᠩ ᠬᠡᠦᠬᠡᠳ ᠤᠨ ᠴᠡᠴᠡᠷᠯᠢᠭ ᠤᠨ ᠭᠤᠷᠪᠠᠨ ᠨᠠᠮ ᠤᠨ ᠡᠭᠦᠷ  ᠨᠢ  ᠨᠠᠮ ᠤᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠬᠤ ᠬᠤᠯᠪᠣᠭ᠎ᠠ ᠪᠠᠶᠢᠭᠤᠯᠵᠠᠢ᠃ ᠶᠣᠰᠣᠯᠠᠯ ᠳᠡᠭᠡᠷ᠎ᠡ᠂ ᠭᠤᠷᠪᠠᠨ ᠲᠠᠯ᠎ᠠ ᠪᠠᠷ ᠢᠶᠠᠨ ᠬᠠᠮᠲᠤ ᠪᠠᠷ ᠪᠠᠶᠢᠭᠤᠯᠬᠤ ᠭᠡᠷ᠎ᠡ ᠪᠢᠴᠢᠭ ᠲᠤ ᠭᠠᠷ ᠤᠨ ᠦᠰᠦᠭ ᠵᠢᠷᠤᠭᠰᠠᠨ ᠪᠥᠭᠡᠳ  ᠫᠠᠶᠢᠰᠠ ᠢᠯᠡᠷᠬᠡᠶᠢᠯᠡᠯ ᠣᠯᠭᠤᠬᠤ ᠶᠣᠰᠣᠯᠠᠯ ᠡᠷᠬᠢᠯᠡᠪᠡ᠃ ᠠᠵᠢᠯᠯᠠᠭᠠᠨ ᠤ ᠲᠤᠮᠳᠠ ᠪᠠᠰᠠ ︽ᠵᠠᠯᠠᠭᠤ ᠨᠠᠰᠤ   ᠪᠠᠨ ᠨᠠᠮ  ᠳᠠᠭᠠᠨ ᠵᠤᠷᠢᠭᠤᠯᠵᠤ᠂ ᠠᠶᠠᠨ ᠵᠠᠮ ᠳᠠᠭᠠᠨ ᠡᠷᠡᠯᠬᠡᠭᠯᠡᠨ ᠤᠷᠤᠭᠰᠢᠯᠠᠬᠤ  ︾  ᠭᠤᠤᠯ ᠰᠡᠳᠦᠪ  ᠲᠠᠢ ᠥᠯᠢᠭᠡᠷ ᠶᠠᠷᠢᠬᠤ ᠬᠤᠷᠠᠯ ᠬᠢᠵᠦ᠂   ᠴᠡᠴᠡᠷᠯᠢᠭ ᠤᠨ ᠪᠠᠭᠰᠢ ᠨᠠᠷ ᠥᠪᠡᠷ ᠤᠨ ᠰᠤᠷᠭᠠᠨ ᠬᠥᠮᠦᠵᠢᠯ ᠤᠨ ᠥᠯᠢᠭᠡᠷ ᠵᠢᠱᠢᠶ᠎ᠡ ᠪᠠᠷ ᠢᠶᠠᠨ ᠳᠠᠮᠵᠢᠭᠤᠯᠤᠨ ᠣᠲᠣ ᠦᠶ᠎ᠡ ᠶᠢᠨ ᠵᠠᠯᠠᠭᠤ ᠪᠠᠭᠰᠢ ᠨᠠᠷ ᠤᠨ ᠬᠠᠷᠢᠭᠤᠴᠠᠯᠭ᠎ᠠ ᠪᠠ ᠡᠭᠦᠷᠭᠡᠯᠡᠯ   ᠢ ᠢᠯᠡᠷᠡᠭᠦᠯᠵᠦ᠂ ᠲᠡᠳᠡᠨ ᠤ ᠪᠣᠳᠠᠲᠤ ᠠᠵᠢᠯᠯᠠᠭ᠎ᠠ ᠪᠠᠷ ᠢᠶᠠᠨ ︽ᠶᠣᠰᠣ ᠮᠣᠷᠠᠯ   ᠢ ᠪᠣᠶ ᠪᠣᠯᠭᠠᠵᠤ ᠴᠢᠳᠠᠪᠤᠷᠢ ᠲᠠᠢ ᠬᠥᠮᠥᠨ ᠢ ᠬᠥᠮᠥᠵᠢᠭᠦᠯᠬᠦ︾ ᠦᠨᠳᠦᠰᠦᠨ ᠡᠭᠦᠷᠭᠡ ᠪᠠᠨ ᠦᠢᠯᠡᠳᠦᠯᠭᠡᠵᠢᠭᠦᠯᠦᠭᠰᠡᠨ ᠪᠠᠶᠢᠨ᠎ᠠ᠃  ᠠᠵᠢᠯᠯᠠᠭᠠᠨ ᠤ ᠲᠡᠬᠦᠰᠭᠡᠯ ᠳᠤ ᠪᠦᠬᠦ ᠨᠠᠮ ᠤᠨ ᠭᠡᠰᠢᠭᠦᠳ ᠨᠠᠮ ᠳᠤ ᠣᠷᠣᠬᠤ ᠲᠠᠩᠭᠠᠷᠢᠭ ᠤᠨ ᠦᠬᠡ ᠶᠢ ᠤᠩᠰᠢᠵᠤ ᠂ ᠨᠠᠮ ᠤᠨ ᠭᠡᠰᠢᠭᠦᠨ ᠺᠠᠳ᠋ᠷᠴᠤᠳ ᠢ ᠠᠵᠢᠯ ᠤᠨ ᠪᠠᠶᠢᠷᠢ ᠳᠠᠭᠠᠨ ᠰᠠᠭᠤᠷᠢᠯᠠᠨ ᠲᠡᠷᠢᠭᠦᠨ ᠤ ᠬᠢ ᠪᠣᠯᠬᠤ ᠪᠠᠷ ᠴᠢᠷᠮᠠᠶᠢᠵᠤ᠂ ᠯᠠᠪᠳᠠᠭᠤᠨ ᠪᠠᠲᠤᠲᠠᠢ ᠠᠵᠢᠯ ᠤᠨ ᠣᠪᠣᠷ ᠪᠣᠯᠣᠨ ᠰᠢᠯᠢᠳᠡᠭ  ᠰᠠᠶᠢᠨ ᠬᠢᠷᠢ ᠪᠦᠲᠦᠮᠵᠢ ᠪᠠᠷ  ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠬᠤᠪᠢ ᠨᠡᠮᠡᠷᠢ ᠪᠠᠨ ᠦᠵᠡᠭᠦᠯᠬᠦ   ᠶᠢ ᠵᠣᠷᠢᠭᠵᠢᠭᠤᠯᠵᠠᠢ᠃  ᠠᠵᠢᠯᠯᠠᠭ᠎ᠠ ᠳᠤ ᠤᠷᠤᠯᠴᠠᠭᠰᠠᠨ ᠰᠤᠷᠭᠠᠨ ᠬᠥᠮᠦᠵᠢᠯ ᠤᠨ  ᠲᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ  ᠠᠴᠠ  ᠬᠠᠮᠳᠤᠷᠠᠨ ᠪᠠᠶᠢᠭᠤᠯᠬᠤ ᠠᠵᠢᠯ ᠨᠢ ᠡᠯ᠎ᠡ ᠴᠡᠴᠡᠷᠯᠢᠭ ᠤᠨ ᠬᠤᠭᠤᠷᠣᠨᠳᠣᠬᠢ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠪᠡᠶᠡᠯᠡᠭᠦᠯᠵᠦ᠂  ᠰᠤᠷᠭᠠᠨ ᠬᠥᠮᠦᠵᠢᠯ ᠤᠨ ᠬᠥᠭᠵᠢᠯᠲᠡ ᠶᠢ ᠪᠦᠲᠦᠮᠵᠢᠲᠡᠶ ᠠᠬᠢᠭᠤᠯᠬᠤ ᠳᠤ ᠠᠰᠢᠭᠲᠠᠢ ᠶᠠᠪᠤᠳᠠᠯ ᠪᠤᠯᠤᠨ᠎ᠠ ᠬᠡᠵᠦ  ᠢᠯᠡᠷᠭᠡᠶᠢᠯᠡᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号