ᠠᠷᠭ᠎ᠠ ᠪᠦᠬᠦᠨ ᠢ ᠰᠦᠪᠡᠭᠴᠢᠯᠡᠵᠦ  ᠠᠵᠢᠯ ᠣᠯᠭᠤᠯᠲᠠ ᠶᠢ ᠲᠤᠭᠳᠠᠪᠤᠷᠢᠵᠢᠭᠤᠯᠤᠨ᠎ᠠ
ᠨᠡᠶᠢᠲᠡᠯᠡᠭᠰᠡᠨ ᠴᠠᠭ᠄
2022/10/13
  ᠠᠷᠠᠳ ᠤᠨ ᠠᠮᠢᠳᠤᠷᠠᠯ ᠤᠨ ᠲᠦᠮᠡᠨ ᠶᠠᠪᠤᠳᠠᠯ ᠳᠤ ᠠᠵᠢᠯ ᠣᠯᠭᠤᠯᠲᠠ ᠪᠣᠯ ᠴᠢᠬᠤᠯᠠ ᠶᠠᠪᠤᠳᠠᠯ᠃ ᠣᠶᠢᠷ᠎ᠠ ᠶᠢᠨ ᠵᠢᠯ ᠤᠳ ᠲᠤ᠂ ᠲᠠᠶᠢᠹᠤᠰᠧ ᠬᠤᠰᠢᠭᠤᠨ ᠤ ᠬᠢᠨ ᠠᠵᠢᠯ ᠣᠯᠬᠤ ᠪᠠ ᠦᠢᠯᠡᠰ ᠪᠦᠳᠦᠭᠡᠬᠦ ᠦᠢᠯᠡᠴᠢᠯᠡᠭᠡ ᠶᠢ ᠰᠢᠯᠢᠳᠡᠭᠵᠢᠭᠦᠯᠵᠦ᠂ ᠡᠯ᠎ᠡ  ᠲᠦᠷᠦᠯ ᠤᠨ ᠠᠵᠢᠯ ᠣᠯᠭᠤᠬᠤ ᠪᠠ ᠦᠢᠯᠡᠰ  ᠪᠦᠳᠦᠬᠡᠬᠦ ᠲᠥᠷᠥ ᠶᠢᠨ ᠪᠣᠳᠣᠯᠭ᠎ᠠ ᠶᠢ  ᠨᠠᠷᠢᠨ ᠨᠢᠮᠪᠠᠢ ᠨᠠᠶᠢᠳᠠᠪᠤᠷᠢᠵᠢᠭᠤᠯᠤᠭᠠᠳ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ  ᠬᠦᠴᠦᠷᠭᠡᠭ ᠴᠢᠩᠭ᠎ᠠ ᠴᠢᠳᠠᠪᠤᠷᠢᠲᠠᠨ ᠤ ᠲᠤᠯᠭᠠᠭᠤᠷᠢᠯᠠᠯ ᠪᠠ ᠣᠶᠤᠨ ᠤ ᠳᠡᠮᠵᠢᠯᠭᠡ ᠬᠠᠩᠭᠠᠭᠰᠠᠨ ᠶᠤᠮ᠃     ᠲᠤᠰ ᠬᠤᠰᠢᠭᠤ ᠨᠢ 2016 ᠣᠨ ᠳᠤ ᠵᠠᠯᠠᠭᠤᠴᠤᠳ ᠤᠨ ᠦᠢᠯᠡᠰ ᠪᠦᠳᠦᠬᠡᠬᠦ  ᠨᠡᠪᠴᠢᠬᠦᠯᠦᠯᠳᠡ ᠶᠢᠨ ᠬᠦᠷᠢᠶᠡᠯᠡᠩ ᠢ ᠪᠠᠶᠢᠭᠤᠯᠤᠭᠰᠠᠨ ᠠᠴᠠ ᠨᠠᠰᠢ᠂ 26 ᠠᠵᠤ ᠠᠬᠤᠶᠢᠯᠠᠯ ᠬᠦᠷᠢᠶᠡᠯᠡᠩ ᠳᠤ ᠤᠷᠤᠵᠤ ᠨᠤᠳᠤᠭᠰᠢᠭᠠᠳ᠂ ᠨᠡᠪᠴᠢᠭᠦᠯᠬᠦ ᠪᠦᠲᠦᠮᠵᠢ ᠶᠢᠨ ᠨᠤᠷᠮ᠎ᠠ ᠨᠢ 100% ᠳᠤ ᠬᠦᠷᠴᠦ᠂ ᠵᠢᠯ ᠳᠤᠮᠳᠠᠴᠢ ᠪᠠᠷ 300 ᠭᠠᠷᠤᠢ ᠬᠥᠮᠥᠨ ᠤ ᠠᠵᠢᠯ ᠣᠯᠭᠤᠯᠲᠠ ᠶᠢ ᠲᠠᠶᠢᠴᠢᠯᠠᠵᠠᠢ᠃  ᠮᠦᠨ ᠲᠤᠰ ᠬᠤᠰᠢᠭᠤᠨ ᠤ ᠥᠷᠨᠢᠭᠦᠯᠦᠭᠰᠡᠨ ︽ ᠤᠷᠢᠬᠠᠨ ᠰᠠᠯᠬᠢ ᠠᠵᠢᠯᠯᠠᠭ᠎ᠠ︾ ︽ᠪᠡᠭᠡᠵᠢᠩ  ᠰᠢᠯᠢ ᠶᠢᠨ ᠭᠤᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ︾ ︽ᠠᠵᠢᠯ ᠣᠯᠭᠤᠯᠲᠠ ᠶᠢᠨ ᠦᠢᠯᠡᠴᠢᠯᠡᠭᠡᠨ ᠤ ᠰᠠᠷ᠎ᠠ︾ ᠵᠡᠷᠭᠡ ᠠᠵᠢᠯᠯᠠᠭ᠎ᠠ ᠨᠢ ᠵᠢᠯ ᠪᠦᠷᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠶᠠᠳᠠᠭᠤ   ᠠᠴᠠ ᠠᠩᠭᠢᠵᠢᠷᠠᠭᠰᠠᠨ ᠬᠥᠮᠥᠨ ᠠᠮᠠ᠂ ᠴᠡᠷᠢᠭ  ᠤᠨ ᠠᠯᠪᠠᠨ ᠠᠴᠠ ᠬᠠᠯᠠᠭᠳᠠᠭᠰᠠᠳ᠂ ᠠᠵᠢᠯ ᠣᠯᠬᠤ ᠳᠤ ᠬᠦᠴᠢᠷᠲᠡᠢ ᠬᠥᠮᠥᠰ ᠵᠡᠷᠭᠡ 1500 ᠭᠠᠷᠤᠢ ᠬᠥᠮᠥᠨ ᠳᠤ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠵᠤ ᠪᠠᠶᠢᠨ᠎ᠠ᠃    ᠲᠠᠶᠢᠹᠦᠰᠧ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠰᠥᠩ ᠶᠠᠨ ᠪᠢᠨ᠄ ︽2018 ᠣᠨ   ᠠᠴᠠ ᠨᠠᠰᠢ᠂ ᠪᠥᠬᠦ ᠬᠤᠰᠢᠭᠤᠨ ᠤ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.5% ᠣᠷᠴᠢᠮ ᠳᠤ ᠬᠢᠵᠠᠭᠠᠷᠯᠠᠵᠤ᠂   ᠬᠤᠲᠠ ᠪᠠᠯᠭᠠᠰᠤᠨ ᠤ 5234 ᠬᠥᠮᠥᠨ ᠳᠤ ᠠᠵᠢᠯ ᠤᠯᠭᠤᠨ᠂  2129 ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠤ᠂ ᠠᠵᠢᠯ ᠣᠯᠬᠤ ᠳᠤ ᠬᠦᠴᠢᠷᠲᠡᠢ 1538 ᠬᠥᠮᠥᠨ ᠳᠤ ᠠᠵᠢᠯ ᠤᠯᠭᠤᠭᠰᠠᠨ ᠪᠦᠭᠡᠳ 3.5 ᠲᠦᠮᠡ ᠣᠷᠴᠢᠮ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠪᠠ᠃ ᠬᠤᠲᠠ ᠪᠠᠯᠭᠠᠰᠤᠨ ᠤ ᠠᠵᠢᠯ ᠤᠯᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ  ᠳᠤ 672 ᠬᠥᠮᠥᠨ ᠤᠳᠠᠭ᠎ᠠ᠂ ᠬᠦᠯᠦᠰᠦᠨ ᠠᠵᠢᠯᠴᠢᠨ ᠤ ᠤᠷ᠎ᠠ ᠴᠢᠳᠠᠪᠤᠷᠢ ᠶᠢᠨ ᠪᠣᠯᠪᠠᠰᠤᠷᠠᠯ  ᠳᠤ 1486 ᠬᠥᠮᠥᠨ ᠤᠳᠠᠭ᠎ᠠ᠂ ᠦᠢᠯᠡᠰ ᠪᠦᠳᠦᠬᠡᠬᠦ ᠪᠣᠯᠪᠠᠰᠤᠷᠠᠯ  ᠳᠤ 306 ᠬᠥᠮᠥᠨ ᠤᠳᠠᠭ᠎ᠠ ᠤᠷᠤᠯᠴᠠᠵᠤ᠂  4711 ᠲᠦᠮᠡᠨ ᠲᠥᠭᠦᠷᠢᠭ ᠤᠨ ᠦᠢᠯᠡᠰ ᠪᠦᠳᠦᠭᠡᠬᠦ ᠪᠠᠳᠤᠯᠠᠭᠠᠳᠤ ᠵᠢᠭᠡᠯᠡᠯᠭᠡ ᠶᠢ ᠲᠠᠷᠬᠠᠭᠠᠨ᠂ 401 ᠬᠥᠮᠥᠨ ᠤ  ᠦᠢᠯᠡᠰ ᠪᠦᠳᠦᠬᠡᠬᠦ ᠳᠤ ᠲᠡᠮᠵᠢᠯᠬᠡ ᠦᠵᠡᠬᠦᠯᠵᠦ᠂ 900 ᠭᠠᠷᠤᠢ ᠬᠥᠮᠥᠨ ᠤ ᠠᠵᠢᠯ ᠣᠯᠭᠤᠯᠲᠠ ᠶᠢ ᠳᠠᠶᠢᠴᠢᠯᠠᠪᠠ︾᠃     ᠬᠢᠵᠢᠭ ᠤᠨ ᠨᠥᠯᠥᠭᠡ ᠶᠢ ᠪᠦᠲᠦᠮᠵᠢᠲᠡᠶ ᠠᠷᠭᠠᠴᠠᠵᠤ᠂ ᠠᠵᠤ ᠠᠬᠤᠶᠢᠯᠠᠯ ᠢ ᠬᠠᠪᠰᠤᠷᠤᠨ ᠠᠵᠢᠯ ᠦᠢᠯᠡᠳᠪᠦᠷᠢᠯᠡᠯ ᠢ ᠨᠢ ᠠᠯᠢ ᠲᠦᠷᠭᠡᠨ ᠢᠶᠠᠷ ᠰᠡᠷᠭᠦᠭᠡᠬᠦ ᠶᠢᠨ ᠲᠥᠯᠥᠭᠡ᠂  ᠬᠤᠰᠢᠭᠤᠨ ᠤ ᠠᠵᠢᠯ ᠣᠯᠭᠤᠬᠤ ᠦᠢᠯᠡᠴᠢᠯᠡᠭᠡᠨ ᠤ ᠲᠥᠪ  ᠨᠢ ᠬᠦᠢᠴᠡᠳᠭᠡᠬᠦ ᠠᠯᠬᠤᠮ ᠶᠠᠪᠤᠴᠠ ᠶᠢ ᠰᠢᠯᠤᠭᠤᠳᠬᠠᠵᠤ ᠪᠠᠶᠢᠭᠠᠳ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠳᠤ ᠠᠵᠢᠯ ᠤᠨ ᠪᠠᠶᠢᠷᠢ ᠲᠣᠭᠲᠠᠪᠤᠷᠢᠵᠢᠭᠤᠯᠬᠤ ᠪᠡᠯᠡ ᠮᠥᠩᠭᠦ ᠶᠢ ᠨᠠᠷᠢᠯᠢᠭ ᠣᠨᠣᠴᠠᠲᠠᠢ ᠪᠠᠷ ᠲᠠᠷᠬᠠᠭᠠᠵᠤ᠂ ᠠᠵᠤ ᠠᠬᠤᠶᠢᠯᠠᠯ ᠤᠨ ᠠᠵᠢᠯᠲᠠᠨ ᠢᠶᠠᠨ ᠬᠠᠰᠤᠵᠤ ᠴᠦᠬᠡᠳᠬᠡᠬᠦ ᠦᠬᠡᠢ ᠪᠠᠶᠢᠬᠤ ᠶᠢ ᠵᠤᠷᠢᠬᠵᠢᠭᠤᠯᠤᠨ᠂ ᠠᠵᠢᠯ ᠤᠨ ᠪᠠᠶᠢᠷᠢ ᠶᠢᠨ ᠲᠣᠭᠲᠠᠭᠤᠨ ᠢ ᠪᠠᠳᠤᠯᠠᠵᠠᠢ᠃ ᠣᠲᠣ ᠪᠣᠯᠲᠠᠯ᠎ᠠ 90 ᠡᠷᠦᠬᠡ ᠠᠵᠤ ᠠᠬᠤᠶᠢᠯᠠᠯ ᠳᠤ 178.66 ᠲᠦᠮᠡᠨ ᠲᠥᠭᠦᠷᠢᠭ ᠤᠨ ᠠᠵᠢᠯ ᠤᠨ ᠪᠠᠶᠢᠷᠢ  ᠲᠣᠭᠲᠠᠪᠤᠷᠢᠵᠢᠭᠤᠯᠬᠤ ᠪᠡᠯᠡ ᠮᠥᠩᠭᠦ ᠲᠠᠷᠬᠠᠭᠠᠵᠤ᠂ 4744 ᠠᠵᠢᠯᠲᠠᠨ ᠳᠤ ᠠᠰᠢᠭ ᠬᠦᠷᠳᠡᠭᠡᠭᠰᠡᠨ ᠪᠦᠭᠡᠳ 91 ᠡᠷᠦᠬᠡ ᠠᠵᠤ ᠠᠬᠤᠶᠢᠯᠠᠯ ᠳᠤ 173.7 ᠲᠦᠮᠡᠨ ᠲᠥᠭᠦᠷᠢᠭ ᠤᠨ ᠪᠣᠯᠪᠠᠰᠤᠷᠠᠯ ᠤᠨ ᠨᠥᠬᠦᠪᠦᠷᠢ ᠣᠯᠭᠤᠵᠤ᠂ 3441 ᠠᠵᠢᠯᠲᠠᠨ ᠳᠤ ᠠᠰᠢᠭ ᠬᠦᠷᠳᠡᠭᠡᠭᠰᠡᠨ ᠪᠠᠶᠢᠨ᠎ᠠ᠃    ᠳᠠᠷᠠᠭᠠᠴᠢ ᠶᠢᠨ ᠠᠯᠬᠤᠮ ᠳᠤ᠂  ᠲᠠᠶᠢᠹᠤᠰᠧ ᠬᠤᠰᠢᠭᠤ ᠨᠢ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠦᠨᠳᠦᠰᠦᠨ ᠬᠥᠭ ᠠᠶᠠᠰ ᠢ ᠪᠠᠷᠢᠮᠲᠠᠯᠠᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠭᠡᠷᠡᠭᠵᠢᠬᠦᠯᠦᠨ᠂  ᠨᠡᠩ ᠥᠨᠳᠥᠷ ᠶᠠᠰᠤ ᠴᠢᠨᠠᠷ ᠪᠠ ᠨᠡᠩ ᠲᠡᠬᠦᠯᠳᠡᠷ ᠠᠵᠢᠯ ᠣᠯᠭᠤᠯᠲᠠ ᠶᠢ ᠪᠡᠶᠡᠯᠡᠭᠦᠯᠵᠦ᠂ ᠬᠥᠳᠡᠯᠮᠦᠷᠢᠴᠢᠳ ᠤᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠠᠪᠤᠴᠠ  ᠳᠠᠭᠠᠨ ᠨᠡᠩ ᠤᠯᠠᠨ  ᠤᠯᠤᠯᠳᠠ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠲᠠᠢ ᠪᠣᠯᠬᠤ ᠶᠢ  ᠠᠬᠢᠭᠤᠯᠤᠨ᠂  ᠰᠢᠯᠢᠳᠡᠭ ᠠᠮᠵᠢᠯᠲᠠ ᠪᠦᠳᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号