ᠰᠢᠩ ᠹᠦ᠋ ᠰᠢᠶᠠᠩ ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠲᠤᠰᠬᠠᠢ ᠰᠡᠳᠦᠪᠲᠦ ᠰᠤᠷᠤᠯᠴᠠᠯᠭ᠎ᠠ ᠡᠷᠬᠢᠯᠡᠭᠰᠡᠨ
ᠨᠡᠶᠢᠲᠡᠯᠡᠭᠰᠡᠨ ᠴᠠᠭ᠄
2022/10/14
   10 ᠰᠠᠷ᠎ᠠ ᠶᠢᠨ 12 ᠤᠨ ᠡᠳᠦᠷ᠂ ᠰᠢᠩ ᠹᠦ᠋ ᠰᠢᠶᠠᠩ ᠨᠠᠮ ᠤᠨ ᠦᠨᠳᠦᠰᠦᠲᠡᠨ ᠤ ᠤᠨᠤᠯ ᠪᠠ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠲᠤᠰᠬᠠᠢ ᠰᠡᠳᠦᠪᠲᠦ ᠰᠤᠷᠤᠯᠴᠠᠯᠭ᠎ᠠ ᠪᠠ ᠰᠤᠳᠤᠯᠤᠨ ᠶᠠᠷᠢᠯᠴᠠᠬᠤ ᠬᠤᠷᠠᠯ ᠡᠷᠬᠢᠯᠡᠵᠦ᠂ ᠰᠢᠶᠠᠩ ᠤᠨ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠬᠦᠳ ᠪᠠ  ᠪᠦᠬᠦ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠱᠠᠰᠢᠨ ᠰᠤᠷᠲᠠᠬᠤᠨ ᠤ ᠠᠵᠢᠯ ᠤᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠶᠢᠨ ᠭᠠᠷ ᠠᠪᠤᠯᠭ᠎ᠠ︾ ᠵᠡᠷᠭᠡ ᠨᠠᠮ ᠤᠨ ᠦᠨᠳᠦᠰᠦᠲᠡᠨ ᠤ ᠤᠨᠤᠯ ᠲᠥᠷᠥ ᠶᠢᠨ ᠪᠣᠳᠣᠯᠭ᠎ᠠ ᠶᠢᠨ ᠲᠠᠯ᠎ᠠ ᠶᠢᠨ ᠠᠭᠤᠯᠭ᠎ᠠ ᠶᠢ ᠰᠤᠷᠤᠯᠴᠠᠭᠰᠠᠨ ᠪᠦᠭᠡᠳ ᠰᠤᠷᠤᠯᠴᠠᠬᠤ ᠠᠭᠤᠯᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠭᠰᠠᠨ ᠪᠠᠶᠢᠨ᠎ᠠ᠃ ᠰᠤᠷᠤᠯᠴᠠᠯᠭ᠎ᠠ ᠶᠠᠷᠢᠯᠴᠠᠯᠭ᠎ᠠ ᠪᠠᠷ ᠲᠠᠮᠵᠢᠭᠠᠳ᠂ ᠬᠤᠷᠠᠯ ᠳᠤ ᠣᠷᠣᠯᠴᠠᠭᠰᠠᠳ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠶᠢ ᠨᠡᠩ ᠭᠦᠨᠵᠡᠭᠡᠢ ᠲᠠᠨᠢᠨ ᠡᠵᠡᠮᠰᠢᠵᠦ᠂ ᠦᠨᠳᠦᠰᠦᠲᠡᠨ ᠤ ᠪᠦᠯᠬᠦᠮᠳᠡᠯ ᠤᠨ ᠬᠦᠰᠡᠯᠡᠩ ᠢᠲᠡᠭᠡᠯ ᠪᠢᠰᠢᠷᠡᠯ ᠢᠶᠠᠨ ᠤᠯᠠᠮ ᠪᠠᠳᠤᠳᠬᠠᠭᠠᠳ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠵᠤ᠂ ᠪᠦᠬᠦ ᠰᠢᠶᠠᠩ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠠᠢ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号