ᠣᠶᠢᠷ᠎ᠠ ᠶᠢᠨ ᠡᠳᠦᠷ ᠤᠳ ᠲᠤ᠂ ᠴᠢᠶᠠᠨ ᠶᠢᠨ ᠭᠧᠦ ᠪᠠᠯᠭᠠᠰᠤ ᠨᠢ ︽ᠨᠠᠮ ᠤᠨ ᠬᠤᠷᠢᠳᠤᠭᠠᠷ ᠶᠡᠭᠡ ᠬᠤᠷᠠᠯ ᠢ | ᠪᠠᠶᠠᠷᠯᠠᠨ ᠤᠭᠲᠤᠬᠤ︾ ᠰᠢᠷᠢᠰ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠰᠠᠶᠢᠨ | ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠵᠤ ᠪᠠᠶᠢᠨ᠎ᠠ᠃ ᠡᠯ᠎ᠡ ᠲᠣᠰᠬᠤᠨ ᠤ ᠨᠠᠮ ᠤᠨ ᠡᠭᠦᠷ ᠨᠢ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ | ᠭᠦᠢᠴᠡᠳ ᠪᠠᠳᠠᠷᠠᠭᠤᠯᠵᠤ᠂ ᠨᠠᠮ ᠤᠨ ᠭᠡᠰᠢᠭᠦᠨ ᠣᠯᠠᠨ ᠲᠦᠮᠡᠨ ᠢ ᠥᠷᠭᠡᠨ ᠢᠶᠠᠷ ᠳᠠᠶᠢᠴᠢᠯᠠᠨ ᠠᠵᠢᠯᠯᠠᠭ᠎ᠠ ᠳᠤ | ᠣᠷᠣᠯᠴᠠᠭᠤᠯᠵᠤ᠂ ᠶᠠᠷᠢᠯᠴᠠᠬᠤ ᠬᠤᠷᠠᠯ ᠡᠷᠬᠢᠯᠡᠬᠦ᠂ ᠬᠤᠪᠢᠰᠬᠠᠯᠲᠤ ᠺᠢᠨᠣ᠋ ᠰᠣᠨᠢᠷᠬᠠᠬᠤ᠂ ᠨᠠᠮ ᠳᠤ ᠣᠷᠣᠬᠤ | ᠲᠠᠩᠭᠠᠷᠢᠭ ᠤᠨ ᠦᠭᠡᠰ ᠢ ᠤᠩᠰᠢᠬᠤ ᠂ ᠬᠦᠴᠢᠷᠳᠡᠯᠲᠡᠢ ᠨᠠᠮ ᠤᠨ ᠭᠡᠰᠢᠭᠦᠨ ᠢ ᠲᠤᠬᠤᠨᠢᠭᠤᠯᠬᠤ᠂ ᠰᠠᠶᠢᠨ | ᠳᠤᠷ᠎ᠠ ᠶᠢᠨ ᠦᠢᠯᠡᠴᠢᠯᠡᠭᠡ ᠥᠷᠨᠢᠭᠦᠯᠬᠦ ᠵᠡᠷᠭᠡ ᠬᠡᠯᠪᠡᠷᠢ ᠪᠠᠷ ᠥᠷᠭᠡᠨ ᠤᠯᠠᠨ ᠦᠨᠳᠦᠰᠦᠨ ᠱᠠᠲᠤᠨ ᠤ ᠨᠠᠮ ᠤᠨ | ᠭᠡᠰᠢᠬᠦᠳ ᠢ ᠵᠤᠷᠢᠬᠵᠢᠭᠤᠯᠤᠨ᠂ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠵᠤ᠂ ᠨᠠᠮ ᠤᠨ ᠡᠭᠦᠷ ᠤᠨ | ᠠᠮᠢᠵᠢᠷᠠᠯ ᠤᠨ ᠬᠦᠴᠦᠨ ᠢ ᠴᠢᠩᠭᠠᠳᠬᠠᠨ᠂ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠤᠨ ᠤᠷᠮᠠᠰᠢᠯ ᠢ | ᠬᠥᠭᠵᠢᠭᠡᠵᠦ᠂ ᠠᠵᠢᠯᠯᠠᠭᠠᠨ ᠤ ᠦᠷ᠎ᠡ ᠪᠦᠲᠦᠭᠡᠯ ᠢ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ ᠠᠵᠢᠯ ᠤᠨ | ᠠᠷᠭ᠎ᠠ ᠪᠠᠷᠢᠯ ᠪᠣᠯᠭᠠᠨ ᠬᠤᠪᠢᠷᠠᠭᠤᠯᠬᠤ ᠪᠠᠷ ᠴᠢᠷᠮᠠᠶᠢᠵᠠᠢ᠃ ᠡᠨᠡ ᠤᠳᠠᠭᠠᠨ ᠤ ᠭᠤᠣᠯ ᠰᠡᠳᠦᠪᠲᠦ ᠨᠠᠮ ᠤᠨ | ᠡᠳᠦᠷ ᠤᠨ ᠠᠵᠢᠯᠯᠠᠭ᠎ᠠ ᠨᠢ ᠡᠯ᠎ᠡ ᠲᠣᠰᠬᠤᠨ ᠤ ᠨᠠᠮ ᠤᠨ ᠡᠭᠦᠷ ᠤᠨ ᠨᠢᠭᠲᠠᠷᠠᠯ ᠤᠨ ᠬᠦᠴᠦᠨ᠂ ᠲᠦᠪᠯᠡᠷᠡᠯ ᠤᠨ | ᠬᠦᠴᠦᠨ ᠪᠣᠯᠣᠨ ᠲᠠᠶᠢᠴᠢᠨ ᠬᠦᠴᠦᠨ ᠢ ᠤᠯᠠᠮ ᠴᠢᠩᠭᠠᠳᠬᠠᠭᠠᠳ᠂ ᠤᠯᠠᠨ ᠢᠶᠠᠷ ᠢᠶᠠᠨ ᠪᠦᠷ ︽ᠬᠤᠶᠢᠰᠢᠳᠠ ᠨᠡᠩ | ᠣᠷᠭᠢᠯᠤᠮ᠎ᠠ ᠰᠡᠳᠬᠢᠯᠭᠡ᠂ ᠨᠡᠩ ᠲᠡᠬᠦᠯᠳᠡᠷ ᠵᠣᠷᠢᠭ ᠢᠶᠠᠷ ᠠᠵᠢᠯ ᠦᠢᠯᠡᠰ ᠲᠡᠭᠡᠨ ᠰᠢᠮᠳᠠᠨ᠂ ᠦᠨᠡᠨ ᠪᠣᠳᠠᠲᠠᠢ | ᠠᠵᠢᠯᠯᠠᠵᠤ᠂ ᠦᠵᠡᠰᠬᠦᠯᠡᠩᠲᠦ ᠰᠠᠶᠢᠬᠠᠨ᠂ ᠡᠶ᠎ᠡ ᠵᠣᠬᠢᠴᠠᠩᠭᠤᠢ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ | ᠴᠢᠶᠠᠨ ᠶᠢᠨ ᠭᠧᠦ ᠪᠠᠯᠭᠠᠰᠤ ᠶᠢ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠵᠦ᠂ ᠪᠣᠳᠠᠲᠤ | ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ︾ | ᠭᠡᠵᠦ ᠢᠯᠡᠷᠭᠡᠶᠢᠯᠡᠵᠡᠬᠡᠨ᠎ᠡ᠃ |