10 ᠰᠠᠷ᠎ᠠ ᠶᠢᠨ 11 ᠤ ᠦᠳᠡ ᠶᠢᠨ ᠬᠤᠶᠢᠨ᠎ᠠ᠂ ᠪᠤᠤᠴᠠᠩ ᠪᠠᠯᠭᠠᠰᠤ ᠬᠠᠰᠢᠶᠠᠯᠠᠨ ᠲᠡᠵᠢᠭᠡᠵᠦ | ᠬᠡᠪᠴᠢᠶᠡᠵᠢᠭᠦᠯᠦᠨ ᠮᠠᠯᠵᠢᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠠᠯᠭᠠᠰᠤᠨ ᠤ | ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠽᠦᠸᠧ ᡁᠢ ᠭᠦᠸᠧ ᠬᠤᠷᠠᠯ ᠢ ᠡᠷᠬᠢᠯᠡᠨ᠂ ᠲᠡᠳ᠋ | ᠪᠠᠯᠭᠠᠰᠤᠨ ᠳᠠᠷᠤᠭ᠎ᠠ ᠶᠠᠩ ᠰᠢᠶᠣᠣ ᠬᠤᠶ᠂ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠤᠨ ᠳᠡᠳ᠋ | ᠡᠷᠬᠢᠯᠡᠭᠴᠢ ᠯᠢ ᠼᠠᠢ ᠰᠢᠶᠠ᠂ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ | ᠵᠠᠩ ᡁᠢ ᠪᠢᠨ ᠵᠢᠴᠢ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ | ᠂ ᠽᠦᠸᠧ ᡁᠢ ᠭᠦᠸᠧ ᠠᠴᠠ ᠪᠠᠯᠭᠠᠰᠤᠨ ᠤ ᠮᠠᠯ ᠲᠡᠵᠢᠭᠡᠪᠦᠷᠢ ᠶᠢᠨ ᠣᠳᠣᠬᠢ ᠪᠠᠶᠢᠳᠠᠯ ᠳᠤ ᠪᠥᠬᠦ ᠲᠠᠯ᠎ᠠ ᠶᠢᠨ | ᠵᠠᠳᠠᠯᠤᠯᠲᠠ ᠬᠢᠭᠰᠡᠨ ᠪᠥᠭᠡᠳ ᠬᠠᠰᠢᠶᠠᠯᠠᠨ ᠲᠡᠵᠢᠭᠡᠵᠦ ᠬᠡᠪᠴᠢᠶᠡᠵᠢᠭᠦᠯᠦᠨ ᠮᠠᠯᠵᠢᠬᠤ ᠲᠥᠷᠥ ᠶᠢᠨ ᠪᠣᠳᠣᠯᠭ᠎ᠠ ᠶᠢᠨ | ᠲᠤᠬᠠᠢ ᠲᠠᠶᠢᠯᠤᠮᠵᠢ ᠬᠢᠵᠡᠢ᠃ ᠽᠦᠸᠧ ᡁᠢ ᠭᠦᠸᠧ ᠶᠠᠷᠢᠶᠠᠨ ᠳᠠᠭᠠᠨ᠂ ᠨᠢᠭᠡ ᠳᠤ ᠬᠠᠰᠢᠶᠠᠯᠠᠨ ᠲᠡᠵᠢᠭᠡᠵᠦ | ᠬᠡᠪᠴᠢᠶᠡᠵᠢᠭᠦᠯᠦᠨ ᠮᠠᠯᠵᠢᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠰᠢ ᠶᠢᠨ ᠫᠢᠩ ᠶᠡᠷᠦᠩᠬᠡᠢ | ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ | ᠂ ᠥᠪᠥᠷ ᠮᠣᠩᠭᠤᠯ ᠤᠨ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠦᠬᠦ ᠪᠠᠯᠭᠠᠰᠤᠨ ᠤ ᠲᠠᠷᠢᠶᠠᠯᠠᠩ ᠮᠠᠯ ᠠᠵᠤ ᠠᠬᠤᠢ ᠶᠢᠨ | ᠤᠳᠤᠬᠢᠴᠢᠯᠠᠭᠰᠠᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠬᠤᠶᠠᠷ ᠲᠤ ᠲᠣᠰᠬᠤᠨ ᠤ ᠱᠦᠵᠢ ᠨᠠᠷ | ︽ ᠲᠠᠶᠢᠹᠤᠰᠧ ᠬᠤᠰᠢᠭᠤᠨ ᠤ ᠬᠠᠰᠢᠶᠠᠯᠠᠨ ᠲᠡᠵᠢᠭᠡᠵᠦ ᠬᠡᠪᠴᠢᠶᠡᠵᠢᠭᠦᠯᠦᠨ ᠮᠠᠯᠵᠢᠬᠤ ᠪᠠᠶᠢᠴᠠᠭᠠᠯᠲᠠ ᠶᠢᠨ | ᠬᠦᠰᠦᠨᠦᠭᠲᠦ︾ ᠶᠢᠨ ᠬᠦᠰᠦᠨᠦᠭ ᠲᠠᠭᠯᠠᠬᠤ ᠲᠠᠶᠢᠯᠪᠤᠷᠢ ᠶᠢ ᠬᠢᠨᠠᠮᠠᠭᠠᠢ ᠰᠤᠷᠤᠯᠴᠠᠨ᠂ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠶᠢ ᠰᠠᠶᠢᠨ ᠬᠢᠵᠦ᠂ ᠮᠠᠯᠵᠢᠬᠤ ᠲᠠᠷᠢᠶᠠᠯᠠᠬᠤ ᠡᠷᠦᠬᠡ ᠢᠯᠠᠩᠭᠤᠶ᠎ᠠ ᠲᠡᠵᠢᠭᠡᠨ | ᠦᠷᠡᠵᠢᠭᠦᠯᠬᠦ ᠲᠣᠮᠣ ᠡᠷᠦᠬᠡ ᠳᠤ ᠤᠬᠠᠭᠤᠯᠭ᠎ᠠ ᠶᠢ ᠰᠠᠶᠢᠨ ᠬᠢᠵᠦ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ | ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠭᠤᠷᠪᠠ ᠳᠤ ᠲᠣᠰᠬᠤᠨ ᠤ ᠱᠦᠵᠢ ᠨᠠᠷ ᠡᠬᠦᠷᠭᠡ | ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠲᠤᠰ ᠲᠤᠰᠬᠤᠨ ᠤ ᠪᠠᠨ ᠬᠡᠷᠡᠭᠯᠡᠵᠦ ᠪᠣᠯᠬᠤ ᠭᠠᠵᠠᠷ ᠰᠢᠷᠣᠢ᠂ ᠭᠡᠷ | ᠪᠦᠯᠢ ᠶᠢᠨ ᠮᠠᠯᠵᠢᠯ ᠤᠨ ᠲᠠᠯᠠᠪᠠᠢ ᠶᠢᠨ ᠲᠤᠭ᠎ᠠ ᠬᠡᠮᠵᠢᠶ᠎ᠡ᠂ ᠦᠢᠯᠡᠳᠪᠦᠷᠢᠯᠡᠯ ᠠᠮᠢᠳᠤᠷᠠᠯ ᠤᠨ ᠲᠤᠭᠤᠷᠢᠭ ᠢ ᠰᠠᠯᠭᠠᠬᠤ | ᠪᠦᠲᠦᠭᠡᠨ ᠪᠠᠶᠢᠭᠤᠯᠤᠯᠲᠠ ᠶᠢᠨ ᠪᠠᠶᠢᠳᠠᠯ ᠪᠠ ᠮᠠᠯ ᠤᠨ ᠠᠷᠠᠴᠢᠯᠠᠭ᠎ᠠ ᠮᠠᠯᠵᠢᠯᠭ᠎ᠠ ᠶᠢᠨ ᠣᠳᠣᠬᠢ ᠪᠠᠶᠢᠳᠠᠯ ᠢ ᠭᠦᠢᠴᠡᠳ | ᠪᠣᠳᠣᠯᠬᠢᠯᠠᠨ᠂ ᠲᠣᠭᠲᠠᠭᠰᠠᠨ ᠴᠠᠭ ᠬᠤᠭᠤᠴᠠᠭᠠᠨ ᠳᠤ ᠪᠠᠶᠢᠴᠠᠭᠠᠯᠲᠠ ᠶᠢᠨ ᠬᠦᠰᠦᠨᠦᠭᠲᠦ ᠶᠢ ᠲᠠᠭᠯᠠᠨ ᠮᠡᠳᠡᠬᠦᠯᠵᠦ᠂ | ᠲᠤᠰᠬᠤᠨ ᠤ ᠲᠡᠵᠢᠭᠡᠨ ᠦᠷᠡᠵᠢᠭᠦᠯᠬᠦ ᠪᠠᠶᠢᠷᠢᠰᠢᠯ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠤᠭᠳᠠᠭᠠᠨ ᠂ | ᠬᠡᠪᠴᠢᠶᠡᠵᠢᠭᠰᠡᠨ ᠮᠠᠯᠵᠢᠯ ᠤᠨ ᠬᠥᠭᠵᠢᠯᠲᠡ ᠶᠢ ᠨᠢᠮᠪᠠᠢ ᠲᠥᠯᠥᠪᠵᠢᠭᠦᠯᠵᠦ᠂ ᠬᠥᠳᠡᠭᠡ ᠲᠣᠰᠬᠤᠨ ᠤ ᠠᠵᠤ | ᠦᠢᠯᠡᠰ ᠤᠨ ᠬᠥᠭᠵᠢᠯᠲᠡ ᠪᠠ ᠤᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠤᠯᠠᠮ ᠴᠢᠨᠠᠭᠰᠢᠳᠠ ᠠᠬᠢᠭᠤᠯᠬᠤ | ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠶᠠᠩ ᠰᠢᠶᠣᠣ ᠬᠤᠶ ᠠᠴᠠ ︽ᠲᠠᠶᠢᠹᠤᠰᠧ ᠬᠤᠰᠢᠭᠤᠨ ᠤ | ᠬᠠᠰᠢᠶᠠᠯᠠᠨ ᠲᠡᠵᠢᠭᠡᠵᠦ ᠬᠡᠪᠴᠢᠶᠡᠵᠢᠭᠦᠯᠦᠨ ᠮᠠᠯᠵᠢᠬᠤ ᠪᠠᠶᠢᠴᠠᠭᠠᠯᠲᠠ ᠶᠢᠨ ᠬᠦᠰᠦᠨᠦᠭᠲᠦ︾ ᠳᠤ ᠨᠠᠷᠢᠨ | ᠲᠠᠶᠢᠯᠤᠮᠵᠢ ᠬᠢᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠤᠬᠠᠢ ᠲᠣᠳᠣᠷᠬᠠᠶᠢᠯᠠᠯᠲᠠ ᠬᠢᠭᠰᠡᠨ ᠪᠥᠭᠡᠳ | ᠪᠤᠤᠴᠠᠩ ᠪᠠᠯᠭᠠᠰᠤᠨ ᠤ ᠬᠠᠰᠢᠶᠠᠯᠠᠨ ᠲᠡᠵᠢᠭᠡᠵᠦ ᠬᠡᠪᠴᠢᠶᠡᠵᠢᠭᠦᠯᠦᠨ ᠮᠠᠯᠵᠢᠬᠤ ᠠᠵᠢᠯ ᠢ ᠲᠣᠬᠢᠷᠠᠭᠤᠯᠤᠨ | ᠪᠠᠶᠢᠷᠢᠯᠠᠭᠤᠯᠵᠠᠢ᠃ |