ᠲᠠᠶᠢᠹᠤᠰᠧ ᠬᠤᠰᠢᠭᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠤᠷᠤᠭᠰᠢᠳᠠᠢ ᠠᠬᠢᠭᠤᠯᠪᠠ
ᠨᠡᠶᠢᠲᠡᠯᠡᠭᠰᠡᠨ ᠴᠠᠭ᠄
2022/10/16
   ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠪᠠ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ  ᠵᠦᠪᠯᠡᠯ ᠤᠨ ᠬᠦᠴᠦᠲᠡᠢ ᠳᠡᠮᠵᠢᠯᠭᠡ ᠳᠣᠣᠷ᠎ᠠ᠂  ᠲᠠᠶᠢᠹᠤᠰᠧ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠨᠢ  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂  ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠳᠤᠮᠳᠠᠳᠤ ᠶᠢᠨ ᠦᠨᠳᠦᠰᠦᠲᠡᠨ ᠪᠦᠯᠬᠦᠮᠳᠡᠨ ᠨᠢᠬᠡᠳᠴᠦ᠂ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠶᠡᠷᠦᠩᠬᠡᠢ ᠬᠠᠷᠠᠯᠲᠠ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠪᠠᠷ ᠭᠤᠣᠯ ᠰᠢᠵᠢᠮ  ᠪᠤᠯᠭᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠬᠦᠭᠵᠢᠯᠳᠡ ᠶᠢ ᠠᠬᠢᠭᠤᠯᠵᠤ ᠢᠷᠡᠵᠡᠢ᠃ ᠨᠢᠭᠡ ᠳᠤᠨᠢ ᠨᠠᠮ ᠤᠨ ᠤᠳᠤᠷᠢᠳᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠪᠠᠬᠢᠵᠢᠬᠦᠯᠦᠭᠰᠡᠨ᠃ ᠦᠨᠳᠦᠰᠦᠲᠡᠨ ᠤ ᠬᠡᠷᠡᠭ ᠡᠷᠬᠢᠯᠡᠬᠦ ᠠᠵᠢᠯ ᠤᠨ ᠰᠢᠰᠲ᠋ᠧᠮ ᠤᠨ ᠬᠢᠨ ᠨᠠᠮ ᠤᠨ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠶᠢ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠪᠠᠲᠤᠯᠠᠭ᠎ᠠ ᠪᠤᠯᠭᠠᠨ᠂ ᠦᠨᠳᠦᠰᠦᠲᠡᠨ ᠤ ᠠᠵᠢᠯ ᠤᠨ ᠪᠦᠬᠦ ᠶᠠᠪᠤᠴᠠ ᠪᠠ ᠡᠯ᠎ᠡ ᠲᠠᠯ᠎ᠠ ᠳᠤ ᠲᠤᠤᠱᠯᠠᠭᠤᠯᠤᠨ ᠨᠠᠶᠢᠳᠠᠪᠤᠷᠢᠵᠢᠭᠤᠯᠪᠠ᠃ ᠦᠨᠳᠦᠰᠦᠲᠡᠨ ᠤ ᠬᠡᠷᠡᠭ ᠵᠦᠪᠯᠡᠯ  ᠤᠨ ᠭᠡᠰᠢᠭᠦᠨ ᠤ ᠳᠦᠷᠢᠮ ᠢ ᠬᠡᠷᠡᠭᠵᠢᠭᠦᠯᠵᠦ᠂ ᠭᠡᠰᠢᠭᠦᠨ ᠨᠢᠬᠡᠴᠡ ᠶᠢᠨ ᠡᠬᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠨ ᠂ ᠬᠠᠮᠲᠤᠷᠠᠭᠰᠠᠨ ᠬᠤᠷᠠᠯ ᠤᠨ ᠳᠦᠷᠢᠮ ᠢ  ᠭᠡᠷᠡᠭᠵᠢᠬᠦᠯᠵᠦ᠂ ᠡᠯ᠎ᠡ ᠭᠡᠰᠢᠭᠦᠨ ᠨᠢᠬᠡᠴᠡ ᠶᠢᠨ ᠦᠢᠯᠡᠳᠦᠯ ᠢ ᠭᠦᠢᠴᠡᠳ  ᠪᠠᠳᠠᠷᠠᠭᠤᠯᠤᠭᠰᠠᠨ ᠪᠦᠭᠡᠳ 176 ᠭᠠᠴᠠᠭ᠎ᠠ ᠲᠣᠰᠬᠤᠨ᠂ 6 ᠨᠡᠶᠢᠭᠡᠮ ᠲᠣᠭᠤᠷᠢᠭ ᠲᠤ ᠦᠨᠳᠦᠰᠦᠲᠡᠨ ᠤ ᠠᠵᠢᠯ  ᠢ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠ ᠬᠤᠯᠪᠣᠭᠠᠴᠢᠨ ᠲᠣᠬᠢᠷᠠᠭᠤᠯᠵᠤ᠂  ᠪᠦᠬᠦ ᠬᠤᠰᠢᠭᠤᠨ ᠤ ᠦᠨᠳᠦᠰᠦᠲᠡᠨ ᠤ ᠠᠵᠢᠯ ᠤᠨ ᠭᠤᠷᠪᠠᠨ ᠱᠠᠲᠤᠨ ᠤ ᠰᠦᠯᠵᠢᠶ᠎ᠡ ᠶᠢ ᠪᠠᠶᠢᠭᠤᠯᠤᠨ᠂ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠤᠭᠰᠠᠨ᠂ ᠵᠠᠰᠠᠭ ᠤᠨ ᠣᠷᠳᠣᠨ ᠬᠠᠤᠯᠢ ᠶᠣᠰᠣᠭᠠᠷ ᠬᠠᠮᠢᠶᠠᠷᠤᠭᠰᠠᠨ᠂ ᠨᠢᠭᠡᠳᠦᠮᠡᠯ ᠹᠷᠣᠨᠲ ᠤᠨ ᠬᠡᠯᠲᠡᠰ ᠲᠦᠷᠦᠭᠦᠯᠡᠨ ᠵᠤᠬᠢᠴᠠᠭᠤᠯᠤᠭᠰᠠᠨ᠂ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠰᠡᠨ᠂  ᠪᠤᠰᠤᠳ ᠰᠠᠯᠠᠭ᠎ᠠ ᠮᠥᠴᠢᠷ  ᠢᠳᠡᠪᠬᠢᠳᠡᠢ ᠬᠠᠮᠵᠢᠯᠴᠠᠭᠰᠠᠨ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠤᠷᠤᠯᠴᠠᠭᠰᠠᠨ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠪᠠᠶᠢᠷᠢᠰᠢᠯ ᠢ ᠪᠣᠶ ᠪᠣᠯᠭᠠᠪᠠ᠃ ᠬᠤᠶᠠᠷ ᠲᠤᠨᠢ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠤ᠂ ᠦᠵᠡᠯ ᠰᠠᠨᠠᠭᠠᠨ ᠤ ᠰᠠᠭᠤᠷᠢ ᠶᠢ ᠪᠠᠳᠤᠳᠬᠠᠭᠰᠠᠨ᠃ ᠮᠠᠨ ᠤ  ᠵᠦᠪᠯᠡᠯ ᠨᠢ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ᠂ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ︾ ᠪᠠᠷ ᠠᠵᠠ ᠲᠣᠬᠢᠶᠠᠯ ᠪᠣᠯᠭᠠᠵᠤ᠂ ︽ᠨᠠᠢᠮᠠ ᠳᠤ ᠣᠷᠣᠭᠤᠯᠬᠤ︾ ᠪᠠᠷ ᠭᠠᠷᠳᠠᠴᠠ  ᠪᠤᠯᠭᠠᠨ᠂ ︽ᠳᠤᠮᠳᠠᠳᠤ ᠶᠢᠨ ᠦᠨᠳᠦᠰᠦᠲᠡᠨ ᠪᠦᠯᠬᠦᠮᠳᠡᠨ ᠨᠢᠬᠡᠳᠴᠦ᠂ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠬᠦᠯᠬᠦ︾᠂ ︽ᠲᠠᠯ᠎ᠠ ᠨᠤᠲᠤᠭ ᠤᠨ ᠬᠥᠪᠡᠭᠦᠳ ᠥᠬᠢᠳ ᠰᠡᠳᠬᠢᠯ ᠨᠢᠭᠡᠳᠦᠨ ᠨᠠᠮ ᠢᠶᠠᠨ ᠲᠠᠭᠠᠵᠤ᠂ ᠦᠨᠳᠦᠰᠦᠲᠡᠨ ᠤ ᠪᠦᠯᠬᠦᠮᠳᠡᠯ ᠤᠨ ᠠᠮᠵᠢᠯᠳᠠ ᠪᠦᠳᠦᠮᠵᠢ ᠪᠠᠷ ᠢᠶᠠᠨ ᠤᠯᠤᠰ ᠤᠨ ᠪᠠᠶᠠᠷ ᠲᠤ ᠪᠡᠯᠡᠭ  ᠬᠦᠷᠭᠡᠬᠦ︾᠂ ︽ᠰᠢᠨ᠎ᠡ ᠠᠶᠠᠨ ᠵᠠᠮ ᠳᠠᠭᠠᠨ ᠡᠷᠡᠯᠬᠡᠭᠯᠡᠨ ᠲᠡᠮᠡᠴᠡᠵᠦ᠂ ᠬᠤᠷᠢᠳᠤᠭᠠᠷ ᠶᠡᠭᠡ ᠬᠤᠷᠠᠯ ᠢᠶᠠᠨ ᠪᠠᠶᠠᠷᠯᠠᠨ ᠤᠭᠳᠤᠬᠤ︾ ᠵᠡᠷᠭᠡ ᠭᠤᠣᠯ ᠰᠡᠳᠦᠪᠲᠦ ᠠᠵᠢᠯᠯᠠᠭ᠎ᠠ ᠶᠢ ᠪᠦᠬᠦ ᠬᠤᠰᠢᠭᠤᠨ ᠤ ᠬᠡᠪᠴᠢᠶᠡᠨ ᠳᠤ ᠢᠳᠡᠪᠬᠢᠲᠡᠢ ᠥᠷᠨᠢᠭᠦᠯᠵᠦ᠂   ᠳᠤᠮᠳᠠᠳᠤ ᠪᠠᠭ᠎ᠠ ᠰᠤᠷᠭᠠᠭᠤᠯᠢ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ  ᠢ  ᠦᠷᠨᠢᠬᠦᠯᠦᠨ᠂ ᠰᠤᠮᠤ ᠰᠢᠶᠠᠩ ᠪᠠᠯᠭᠠᠰᠤᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠡᠳᠦᠪᠲᠦ ᠤᠬᠠᠭᠤᠯᠭ᠎ᠠ ᠲᠠᠶᠢᠯᠤᠮᠵᠢ ᠬᠢᠵᠦ᠂ ︽ᠢᠨᠲ᠋ᠧᠷ ᠰᠦᠯᠵᠢᠶ᠎ᠡ + ᠦᠨᠳᠦᠰᠦᠲᠡᠨ ᠤ ᠪᠦᠯᠬᠦᠮᠳᠡᠯ ᠤᠨ ᠠᠵᠢᠯᠯᠠᠭ᠎ᠠ︾ ᠶᠢ ᠢᠳᠡᠪᠬᠢᠲᠡᠢ ᠠᠬᠢᠭᠤᠯᠤᠨ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ︾ ᠲᠤᠰᠬᠠᠢ ᠪᠤᠯᠤᠩ ᠭᠠᠷᠭᠠᠵᠤ᠂ ᠭᠠᠴᠠᠭ᠎ᠠ ᠲᠣᠰᠬᠤᠨ ᠳᠤ ︽ᠪᠣᠯᠪᠠᠰᠤᠨ   ᠤ ᠦᠢᠯᠡᠳᠦᠯᠭᠡ ᠶᠢᠨ ᠷᠠᠳᠢᠣ᠋ ᠨᠡᠪᠲᠡᠷᠡᠭᠦᠯᠭᠡ ᠶᠢᠨ ᠥᠷᠲᠡᠭᠡ︾ ᠪᠠᠶᠢᠭᠤᠯᠤᠭᠰᠠᠨ ᠪᠦᠭᠡᠳ ᠤᠯᠠᠭᠠᠨᠮᠥ᠋ᠴᠢᠷ   ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠦᠢᠯᠡᠳᠦᠯ ᠢ ᠪᠠᠳᠠᠷᠠᠭᠤᠯᠵᠤ᠂ ᠪᠥᠬᠦ ᠬᠤᠰᠢᠭᠤᠨ ᠤ ᠬᠡᠪᠴᠢᠶᠡᠨ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠭᠰᠠᠨ ᠪᠠᠶᠢᠨ᠎ᠠ᠃  ᠭᠤᠷᠪᠠ ᠳᠤᠨᠢ ᠨᠡᠶᠢᠲᠡᠯᠢᠭ ᠵᠢᠱᠢᠶᠡᠨ ᠤ ᠠᠵᠢᠯ ᠢ ᠴᠢᠩᠭᠠᠳᠬᠠᠵᠤ᠂  ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ  ᠪᠠᠳᠠᠷᠠᠭᠤᠯᠤᠭᠰᠠᠨ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠪᠤᠳᠠᠳᠠᠢ  ᠲᠠᠢ ᠤᠶᠠᠯᠳᠤᠭᠤᠯᠤᠨ᠂ ᠪᠥᠬᠦ ᠣᠷᠣᠨ᠂ ᠪᠥᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠶᠢ ᠪᠠᠶᠢᠭᠤᠯᠬᠤ ᠪᠠᠷ ᠢᠳᠡᠪᠬᠢᠲᠡᠢ ᠴᠢᠷᠮᠠᠶᠢᠭᠰᠠᠨ ᠢᠶᠠᠷ  2021 ᠣᠨ ᠳᠤ  ᠮᠠᠨ ᠤ ᠬᠤᠰᠢᠭᠤᠨ ᠤ ᠶᠦᠩ ᠹᠧᠩ ᠪᠠᠯᠭᠠᠰᠤ᠂ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠵᠡᠷᠭᠡ 4 ᠨᠢᠭᠡᠴᠡ ᠨᠢ ᠲᠠᠪᠤᠳᠤᠭᠠᠷ ᠪᠦᠯᠦᠭ ᠤᠨ ᠪᠥᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠤᠷᠤᠨ ᠤ ᠵᠢᠱᠢᠶ᠎ᠡ ᠦᠵᠡᠭᠦᠯᠬᠦ ᠨᠢᠭᠡᠴᠡ ᠪᠠᠷ  ᠦᠨᠡᠯᠡᠭᠳᠡᠵᠦ᠂ 2022 ᠣᠨ ᠳᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠨᠠᠢᠮᠠᠳᠤᠭᠠᠷ ᠪᠦᠯᠦᠭ ᠤᠨ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠵᠢᠱᠢᠶ᠎ᠡ ᠦᠵᠡᠭᠦᠯᠬᠦ ᠨᠢᠭᠡᠴᠡ ᠪᠠᠷ ᠦᠨᠡᠯᠡᠭᠳᠡᠨ᠂  ᠯᠦᠸᠧ ᠲᠦᠸᠧ ᠱᠠᠨ ᠪᠠᠯᠭᠠᠰᠤ  ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠶᠢᠨ ᠢᠷᠠᠭᠤ ᠠᠯᠳᠠᠷ ᠢ ᠬᠦᠷᠳᠡᠭᠡᠳ᠂  ᠡᠳᠡᠭᠡᠷ ᠵᠢᠱᠢᠶ᠎ᠡ ᠦᠵᠡᠭᠦᠯᠬᠦ ᠨᠢᠭᠡᠴᠡ ᠨᠢ ᠨᠦᠯᠦᠬᠡᠯᠡᠨ ᠲᠠᠶᠢᠴᠢᠯᠠᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠲᠠᠰᠤᠷᠠᠯᠲᠠ ᠦᠭᠡᠢ ᠬᠥᠭᠵᠢᠬᠦ ᠶᠢ ᠠᠬᠢᠭᠤᠯᠤᠨ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠡᠷᠡᠭᠦᠯ ᠲᠣᠭᠲᠠᠭᠤᠨ ᠬᠦᠭᠵᠢᠯᠳᠡ ᠳᠤ ᠰᠢᠨ᠎ᠡ ᠬᠤᠪᠢ ᠨᠡᠮᠡᠷᠢ ᠦᠵᠡᠬᠦᠯᠦᠭᠰᠡᠨ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号