ᠲᠠᠶᠢᠹᠤᠰᠧ ᠬᠤᠰᠢᠭᠤᠨ ᠤ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠭᠤᠷᠪᠠᠳᠤᠭᠠᠷ ᠪᠦᠬᠦᠳᠡ ᠬᠤᠷᠠᠯᠳᠤᠭᠠᠨ ᠪᠤᠯᠵᠤ ᠦᠩᠭᠡᠷᠡᠪᠡ
ᠨᠡᠶᠢᠲᠡᠯᠡᠭᠰᠡᠨ ᠴᠠᠭ᠄
2022/10/16
  10 ᠰᠠᠷ᠎ᠠ ᠶᠢᠨ 14 ᠤ ᠡᠳᠦᠷ᠂ ᠲᠠᠶᠢᠹᠤᠰᠧ ᠬᠤᠰᠢᠭᠤᠨ ᠤ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠭᠤᠷᠪᠠᠳᠤᠭᠠᠷ ᠪᠥᠬᠦᠳᠡ ᠬᠤᠷᠠᠯᠳᠤᠭᠠᠨ  ᠬᠤᠷᠠᠯᠳᠤᠵᠠᠢ᠃  ᠬᠤᠰᠢᠭᠤ  ᠨᠠᠮ ᠤᠨ ᠬᠤᠷᠢᠶᠠᠨ ᠤ ᠳᠡᠳ᠋ ᠱᠦᠵᠢ ᠸᠠᠩ ᠸᠧᠢ ᠬᠤᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠬᠤ ᠳᠠᠭᠠᠨ᠂   ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠡᠯ᠎ᠡ ᠬᠡᠰᠢᠬᠦᠨ ᠨᠢᠭᠡᠴᠡ ᠨᠢ ᠬᠠᠷᠢᠭᠤᠴᠠᠯᠭᠠᠲᠤ ᠰᠡᠳᠬᠢᠯᠭᠡ  ᠪᠠᠨ ᠦᠨᠡᠨᠬᠦ ᠴᠢᠩᠭᠠᠳᠬᠠᠨ᠂ ᠵᠠᠯᠠᠭᠤᠴᠤᠳ ᠤᠨ ᠦᠵᠡᠯ ᠰᠠᠨᠠᠭᠠᠨ ᠤ ᠵᠢᠯᠣᠭᠤᠳᠤᠯᠭ᠎ᠠ  ᠂ ᠦᠰᠦᠨ ᠪᠣᠶᠢᠵᠢᠵᠤ ᠴᠢᠳᠠᠪᠤᠷᠢᠲᠠᠨ ᠪᠣᠯᠬᠤ ᠱᠠᠭᠠᠷᠳᠠᠯᠭ᠎ᠠ ᠬᠡᠷᠡᠭᠴᠡᠭᠡ ᠂ ᠵᠠᠯᠠᠭᠤᠴᠤᠳ ᠢ ᠲᠠᠶᠢᠴᠢᠯᠠᠨ ᠶᠡᠭᠡ ᠲᠠᠯ᠎ᠠ ᠳᠤ ᠦᠢᠯᠡᠴᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂  ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠳᠤᠮᠳᠠ ᠤᠷᠳᠤ ᠬᠤᠭᠤᠴᠠᠭᠠᠨ ᠤ ᠵᠠᠯᠠᠭᠤᠴᠤᠳ ᠤᠨ ᠬᠥᠭᠵᠢᠯᠲᠡ ᠶᠢᠨ ᠲᠥᠯᠦᠪᠵᠢᠭᠦᠯᠭᠡ ᠶᠢ ᠡᠷᠴᠢ ᠬᠦᠴᠦᠲᠡᠢ ᠪᠥᠭᠡᠳ ᠡᠮᠬᠢ ᠵᠢᠷᠤᠮ ᠲᠠᠢ ᠬᠡᠷᠡᠭᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠥᠷᠭᠡᠨ ᠤᠯᠠᠨ ᠵᠠᠯᠠᠭᠤᠴᠤᠳ ᠤᠨ ᠨᠡᠩ ᠲᠦᠷᠭᠡᠨ ᠦᠰᠦᠨ ᠪᠣᠶᠢᠵᠢᠬᠤ᠂ ᠨᠡᠩ ᠰᠠᠶᠢᠨ ᠬᠦᠭᠵᠢᠨ ᠲᠠᠪᠰᠢᠬᠤ ᠶᠢ ᠠᠬᠢᠭᠤᠯᠬᠤ ᠬᠡᠷᠡᠭᠲᠡᠢ ᠬᠡᠵᠦ ᠱᠠᠭᠠᠷᠳᠠᠪᠠ᠃ ᠬᠤᠷᠠᠯ ᠳᠡᠭᠡᠷ᠎ᠡ᠂   ᠳᠡᠳ᠋ ᠬᠤᠰᠢᠭᠤ ᠳᠠᠷᠤᠭ᠎ᠠ ᠣᠶᠤᠨᠴᠡᠴᠡᠭ   ᠠᠴᠠ ᠪᠦᠬᠦ ᠤᠯᠤᠰ ᠤᠨ ᠳᠤᠮᠳᠠ ᠣᠷᠳᠣ ᠬᠤᠭᠤᠴᠠᠭᠠᠨ ᠤ ᠵᠠᠯᠠᠭᠤᠴᠤᠳ ᠤᠨ ᠬᠥᠭᠵᠢᠯᠲᠡ ᠶᠢᠨ ᠲᠥᠯᠦᠪᠵᠢᠭᠦᠯᠭᠡ ᠶᠢ ᠬᠡᠷᠡᠭᠵᠢᠭᠦᠯᠬᠦ ᠠᠵᠢᠯ ᠤᠨ ᠬᠠᠮᠲᠤᠷᠠᠭᠰᠠᠨ ᠬᠤᠷᠠᠯ ᠤᠨ ᠳᠥᠷᠪᠡᠳᠦᠭᠡᠷ ᠤᠳᠠᠭᠠᠨ ᠤ ᠪᠥᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ  ᠤᠯᠠᠮᠵᠢᠯᠠᠭᠰᠠᠨ ᠪᠠᠶᠢᠨ᠎ᠠ᠃  ᠬᠤᠷᠠᠯ ᠠᠴᠠ ᠬᠤᠰᠢᠭᠤᠨ ᠤ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠭᠡᠰᠢᠬᠦᠨ ᠨᠢᠭᠡᠴᠡ ᠶᠢᠨ ᠵᠠᠯᠠᠭᠤᠴᠤᠳ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠤᠭᠰᠠᠨ ᠪᠦᠭᠡᠳ ︽2022 ᠣᠨ ᠤ ᠲᠠᠶᠢᠹᠤᠰᠧ ᠬᠤᠰᠢᠭᠤᠨ ᠤ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠮᠳᠠ ᠣᠷᠳᠣ ᠬᠤᠭᠤᠴᠠᠭᠠᠨ ᠤ ᠵᠠᠯᠠᠭᠤᠴᠤᠳ ᠤᠨ ᠬᠥᠭᠵᠢᠯᠲᠡ ᠶᠢᠨ ᠲᠥᠯᠦᠪᠵᠢᠭᠦᠯᠭᠡ ︵2018 ︱ 2025 ᠣᠨ︶﹀ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ  ᠠᠵᠢᠯ ᠤᠨ ᠭᠤᠣᠯᠳᠠᠯᠭ᠎ᠠ ︾  ᠶᠢ ᠬᠢᠨᠠᠨ ᠵᠥᠪᠯᠡᠪᠡ᠃ ᠬᠤᠰᠢᠭᠤᠨ ᠤ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ  ᠭᠡᠰᠢᠬᠦᠨ ᠨᠢᠭᠡᠴᠡ ᠶᠢᠨ ᠬᠠᠷᠢᠭᠤᠴᠠᠯᠭᠠᠳᠠᠨ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号