10 ᠰᠠᠷ᠎ᠠ ᠶᠢᠨ 14 ᠤ ᠡᠳᠦᠷ᠂ ᠠᠶᠢᠮᠠᠭ ᠤᠨ ︽ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ | ᠲᠣᠭᠲᠠᠭᠤᠨ ᠢ ᠬᠠᠮᠠᠭᠠᠯᠠᠬᠤ︾ ᠠᠵᠢᠯ ᠤᠨ ᠬᠤᠶᠠᠳᠤᠭᠠᠷ ᠬᠢᠨᠠᠨ ᠵᠢᠯᠤᠭᠤᠳᠬᠤ ᠳᠤᠭᠤᠶᠢᠯᠠᠩ ᠤᠨ ᠳᠡᠳ᠋ ᠳᠠᠷᠤᠭ᠎ᠠ᠂ | ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠦᠸᠧ ᡁᠢ ᠴᠢᠶᠠᠩ᠂ ᠬᠤᠰᠢᠭᠤ | ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠭᠤᠣᠯᠳᠠᠯᠭ᠎ᠠ ᠲᠠᠢ ᠵᠠᠮ ᠬᠠᠷᠢᠯᠴᠠᠭᠠᠨ ᠤ ᠪᠣᠭᠤᠮᠲᠠ ᠳᠤ | ᠭᠦᠨᠵᠡᠭᠡᠶᠢᠷᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠮᠤᠷ ᠲᠣᠭᠲᠠᠭᠤᠨ ᠢ ᠬᠠᠮᠠᠭᠠᠯᠠᠬᠤ ᠵᠡᠷᠭᠡ | ᠠᠵᠢᠯ ᠢ ᠬᠢᠨᠠᠨ ᠵᠢᠯᠣᠭᠤᠳᠪᠠ᠃ ᠭᠦᠸᠧ ᡁᠢ ᠴᠢᠶᠠᠩ᠂ ᠡᠯ᠎ᠡ ᠵᠠᠮ ᠬᠠᠷᠢᠯᠴᠠᠭᠠᠨ ᠤ ᠪᠣᠭᠤᠮᠲᠠ ᠨᠢ ᠲᠤᠭ | ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠬᠦ ᠦᠨᠳᠦᠷᠴᠡ ᠠᠴᠠ ᠠᠮᠤᠷ ᠲᠣᠭᠲᠠᠭᠤᠨ ᠢ ᠬᠠᠮᠠᠭᠠᠯᠠᠬᠤ ᠪᠠ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠠᠷᠠᠭᠤᠯ ᠤᠨ | ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠦᠵᠡᠯ ᠰᠠᠨᠠᠭᠠᠨ ᠤ ᠲᠠᠯ᠎ᠠ ᠪᠠᠷ ᠳᠠᠬᠢᠨ ᠳᠠᠷᠤᠯᠲᠠ ᠦᠵᠡᠭᠦᠯᠵᠦ᠂ | ᠠᠷᠭ᠎ᠠ ᠬᠡᠮᠵᠢᠶ᠎ᠡ ᠪᠠᠨ ᠳᠠᠬᠢᠨ ᠲᠠᠰ ᠳᠡᠪᠰᠢᠭᠦᠯᠵᠦ᠂ ᠡᠷᠴᠢᠮ ᠢᠶᠠᠨ ᠳᠠᠬᠢᠨ ᠴᠢᠩᠭᠠᠷᠠᠭᠤᠯᠵᠤ᠂ ᠪᠤᠭᠤᠮᠳᠠ | ᠰᠢᠪᠳᠤᠯᠬᠤ ᠬᠠᠮᠳᠤᠷᠠᠯ ᠤᠨ ᠬᠦᠴᠦᠨ ᠢ ᠨᠢᠭᠲᠠᠷᠠᠭᠤᠯᠤᠨ᠂ ᠨᠡᠶᠢᠭᠡᠮ ᠤᠨ ᠶᠡᠭᠡ ᠲᠠᠯ᠎ᠠ ᠶᠢᠨ ᠦᠷᠭᠦᠯᠵᠢᠯᠡᠨ ᠠᠮᠤᠷ | ᠲᠣᠭᠲᠠᠭᠤᠨ ᠪᠠᠶᠢᠬᠤ ᠶᠢ ᠡᠷᠡᠰ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠮᠤᠷ | ᠲᠣᠭᠲᠠᠭᠤᠨ ᠢ ᠬᠠᠮᠠᠭᠠᠯᠠᠬᠤ ᠬᠤᠶᠠᠷ ᠬᠠᠲᠠᠭᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠬᠤ ᠬᠡᠷᠡᠭᠲᠡᠢ ᠭᠡᠵᠦ | ᠱᠠᠭᠠᠷᠳᠠᠭᠰᠠᠨ ᠪᠠᠶᠢᠨ᠎ᠠ᠃ ᠵᠣᠣ ᠹᠧᠢ ᠫᠧᠩ ᠴᠢᠬᠤᠯᠠᠴᠢᠯᠠᠬᠤ ᠳᠠᠭᠠᠨ ᠂ ᠵᠠᠮ ᠬᠠᠷᠢᠯᠴᠠᠭᠠᠨ ᠤ ᠪᠣᠭᠤᠮᠲᠠ ᠨᠢ ᠡᠯ᠎ᠡ | ᠲᠦᠷᠦᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠡᠯ᠎ᠡ | ᠭᠤᠭᠴᠤᠭ᠎ᠠ ᠶᠢᠨ ᠪᠦᠲᠦᠮᠵᠢᠲᠡᠶ ᠵᠣᠯᠭᠠᠯᠴᠠᠭ᠎ᠠ ᠶᠢ ᠴᠢᠩᠭᠠᠳᠬᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠ ᠵᠠᠮ ᠬᠠᠷᠢᠯᠴᠠᠭᠠᠨ ᠤ ᠪᠠᠲᠤᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠨᠢᠭᠡ | ᠲᠡᠷᠭᠡ ᠶᠢ ᠴᠦ ᠭᠡᠭᠡᠭᠳᠡᠬᠦᠯᠬᠦ ᠦᠭᠡᠢ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ ᠪᠠᠶᠢᠬᠤ ᠬᠡᠷᠡᠭᠲᠡᠢ᠃ | ᠨᠢᠭᠡᠳᠦᠭᠡᠷ ᠹᠷᠣᠨᠲ ᠤᠨ ᠠᠵᠢᠯᠲᠠᠨ ᠤ ᠠᠷᠤ ᠲᠠᠯ᠎ᠠ ᠶᠢᠨ ᠪᠠᠲᠤᠯᠠᠭ᠎ᠠ ᠶᠢ ᠴᠢᠩᠭᠠᠳᠬᠠᠵᠤ᠂ ᠵᠢᠵᠢᠭᠦᠷᠯᠡᠨ ᠰᠠᠬᠢᠬᠤ | ᠪᠠ ᠡᠭᠡᠯᠵᠢᠯᠡᠨ ᠲᠣᠬᠢᠷᠠᠭᠤᠯᠬᠤ ᠠᠵᠢᠯ ᠢ ᠰᠠᠶᠢᠨ ᠬᠢᠵᠦ᠂ ᠡᠯ᠎ᠡ ᠵᠠᠮ ᠬᠠᠷᠢᠯᠴᠠᠭᠠᠨ ᠤ ᠪᠣᠭᠤᠮᠲᠠ ᠶᠢᠨ ᠠᠵᠢᠯ ᠤᠨ | ᠠᠮᠤᠷ ᠲᠦᠪᠰᠢᠨ᠂ ᠥᠨᠳᠥᠷ ᠪᠦᠲᠦᠮᠵᠢᠲᠡᠶ᠂ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠬᠡᠵᠡᠢ | ᠃ ᠬᠤᠰᠢᠭᠤᠨ ᠤ ᠤᠳᠤᠷᠢᠳᠤᠯᠭ᠎ᠠ ᠴᠧᠨ ᠶᠠᠨ ᠪᠦᠦ᠂ ᠯᠢ ᠵᠠᠨ ᠷᠦᠢ᠂ ᠶᠠᠩ ᠶᠢᠨ ᠮᠢᠩ᠂ ᠰᠢᠶᠧ ᠶᠢᠨ ᠳ᠋ᠦᠩ᠂ | ᠯᠢ ᠴᠦᠨ ᠭᠤᠸᠠᠩ᠂ ᠸᠠᠩ ᠵᠢᠦᠢ ᠰᠢ᠂ ᠡᠷᠳᠡᠨᠢᠪᠠᠭᠠᠳᠤᠷ᠂ ᠣᠶᠤᠨᠴᠡᠴᠡᠭ ᠡᠯ᠎ᠡ ᠵᠠᠮ ᠬᠠᠷᠢᠯᠴᠠᠭᠠᠨ ᠤ ᠪᠣᠭᠤᠮᠲᠠ | ᠳᠤ ᠳᠠᠭᠠᠭᠤᠯᠤᠨ ᠵᠢᠵᠢᠭᠦᠷᠯᠡᠵᠦ ᠪᠠᠶᠢᠪᠠ᠃ |