ᠡᠷᠢᠶᠡᠨ ᠬᠤᠲᠠ ᠶᠢᠨ ᠬᠢᠨ ᠲᠠᠶᠢᠹᠤᠰᠧ ᠬᠤᠰᠢᠭᠤᠨ ᠳᠤ ᠰᠢᠨᠵᠢᠯᠡᠨ ᠪᠠᠶᠢᠴᠠᠭᠠᠭᠰᠠᠨ
ᠨᠡᠶᠢᠲᠡᠯᠡᠭᠰᠡᠨ ᠴᠠᠭ᠄
2022/10/16
  10 ᠰᠠᠷ᠎ᠠ ᠶᠢᠨ 15  ᠤ ᠡᠳᠦᠷ᠂ ᠡᠷᠢᠶᠡᠨ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠨ ᠬᠤᠩ ᠤᠨ ᠲᠠᠭᠠᠭᠤᠯᠤᠭᠰᠠᠨ ᠰᠢᠨᠵᠢᠯᠡᠨ ᠪᠠᠶᠢᠴᠠᠭᠠᠬᠤ ᠳᠤᠭᠤᠶᠢᠯᠠᠩ ᠲᠠᠶᠢᠹᠤᠰᠧ ᠬᠤᠰᠢᠭᠤᠨ ᠳᠤ ᠢᠷᠡᠵᠦ᠂  ᠤᠶᠤᠨᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠴᠠᠩ ᠂  ︽ᠠᠷᠠᠳ ᠤᠨ ᠲᠥᠯᠥᠭᠡᠯᠡᠭᠴᠢᠳ ᠤᠨ ᠭᠡᠷ︾᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠠᠢ ᠬᠠᠷᠢᠯᠴᠠᠬᠤ ᠪᠠᠶᠢᠭᠤᠯᠤᠮᠵᠢ ᠶᠢᠨ ᠪᠠᠶᠢᠭᠤᠯᠤᠯᠲᠠ ᠵᠡᠷᠭᠡ  ᠠᠵᠢᠯ ᠤᠨ ᠪᠠᠶᠢᠳᠠᠯ ᠢ ᠰᠢᠨᠵᠢᠯᠡᠨ ᠪᠠᠶᠢᠴᠠᠭᠠᠵᠤ ᠲᠤᠷᠰᠢᠯᠭ᠎ᠠ ᠪᠠᠨ ᠰᠤᠯᠢᠯᠴᠠᠵᠠᠢ᠃  ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠯᠢ ᠵᠠᠨ ᠷᠦᠢ᠂  ᠲᠡᠳ᠋ ᠡᠷᠭᠢᠯᠡᠭᠴᠢ ᠯᠢ ᠱᠣᠣ ᠯᠢᠨ ᠠᠵᠢᠯᠯᠠᠭ᠎ᠠ ᠳᠤ ᠣᠷᠣᠯᠴᠠᠪᠠ᠃ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠪᠤᠤᠴᠠᠩ ᠪᠠᠯᠭᠠᠰᠤᠨ ᠤ ᠪᠢᠶᠠᠨ ᠴᠢᠶᠠᠩ ᠲᠣᠰᠬᠤᠨ ᠤ ︽ᠠᠷᠠᠳ ᠤᠨ ᠲᠥᠯᠥᠭᠡᠯᠡᠭᠴᠢᠳ ᠤᠨ ᠭᠡᠷ︾᠂ ᠴᠢᠶᠠᠨ ᠶᠢᠨ ᠭᠧᠦ ᠪᠠᠯᠭᠠᠰᠤᠨ ᠤ ᠳ᠋ᠠ ᠭᠧ ᠳ᠋ᠦᠩ ᠲᠣᠰᠬᠤᠨ ᠤ ᠠᠷᠠᠳ ᠤᠨ ᠲᠥᠯᠥᠭᠡᠯᠡᠭᠴᠢᠳ ᠲᠠᠢ ᠬᠠᠷᠢᠯᠴᠠᠬᠤ ᠦᠷᠳᠡᠭᠡ᠂ ᠴᠢᠶᠠᠨ  ᠶᠢᠨ ᠭᠧᠦ ᠪᠠᠯᠭᠠᠰᠤᠨ ᠤ  ︽ᠠᠷᠠᠳ ᠤᠨ ᠲᠥᠯᠥᠭᠡᠯᠡᠭᠴᠢᠳ ᠤᠨ ᠭᠡᠷ︾ ᠲᠤ  ᠬᠦᠷᠴᠦ᠂ ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ᠂ ᠲᠠᠨᠢᠯᠴᠠᠭᠤᠯᠭ᠎ᠠ ᠶᠢ ᠰᠣᠨᠣᠰᠬᠤ  ᠵᠡᠷᠭᠡ ᠠᠷᠭ᠎ᠠ ᠬᠡᠯᠪᠡᠷᠢ ᠪᠠᠷ ᠲᠥᠯᠥᠭᠡᠯᠡᠭᠴᠢᠳ  ᠲᠠᠢ ᠬᠠᠷᠢᠯᠴᠠᠬᠤ ᠦᠷᠳᠡᠭᠡᠨ ᠤ ᠬᠠᠲᠠᠭᠤ   ᠵᠦᠬᠡᠯᠡᠨ ᠲᠤᠨᠤᠭ᠂  ᠠᠵᠢᠯᠲᠠᠨ ᠤ ᠲᠣᠬᠢᠷᠠᠭᠤᠯᠤᠯᠲᠠ᠂ ᠬᠠᠮᠢᠶᠠᠷᠤᠯᠲᠠ ᠶᠢᠨ ᠲᠣᠭᠲᠠᠴᠠ᠂ ᠳᠦᠷᠢᠮ ᠤᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠤᠶᠢᠯᠠᠭᠠᠭᠰᠠᠨ ᠤ ᠬᠠᠮᠲᠤ ᠲᠥᠯᠥᠭᠡᠯᠡᠭᠴᠢᠳ ᠤᠨ ᠠᠵᠢᠯᠯᠠᠭ᠎ᠠ ᠥᠷᠨᠢᠭᠦᠯᠬᠦ᠂  ᠡᠬᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂  ᠦᠢᠯᠡᠳᠦᠯ  ᠢᠶᠠᠨ  ᠪᠠᠳᠠᠷᠠᠭᠤᠯᠬᠤ ᠪᠠ ︽ᠲᠥᠯᠥᠭᠡᠯᠡᠭᠴᠢᠳ ᠤᠨ ᠭᠡᠷ  ︾ ᠢ ᠬᠡᠷᠬᠢᠨ ᠰᠠᠶᠢᠲᠤᠷ ᠪᠠᠳᠠᠷᠠᠭᠤᠯᠬᠤ ᠵᠡᠷᠭᠡ ᠲᠠᠯ᠎ᠠ ᠪᠠᠷ ᠰᠠᠨᠠᠯ ᠢᠶᠠᠨ ᠰᠤᠯᠢᠯᠴᠠᠵᠤ ᠰᠤᠳᠤᠯᠤᠨ ᠶᠠᠷᠢᠯᠴᠠᠭᠰᠠᠨ ᠪᠠᠶᠢᠨ᠎ᠠ᠃ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ  ᠂ ᠲᠠᠶᠢᠹᠤᠰᠧ ᠬᠤᠰᠢᠭᠤᠨ ᠤ ︽ᠠᠷᠠᠳ ᠤᠨ ᠲᠥᠯᠥᠭᠡᠯᠡᠭᠴᠢᠳ ᠤᠨ ᠭᠡᠷ  ︾᠂ ᠠᠷᠠᠳ ᠤᠨ ᠲᠥᠯᠥᠭᠡᠯᠡᠭᠴᠢᠳ ᠲᠠᠢ ᠬᠠᠷᠢᠴᠠᠬᠤ  ᠦᠷᠳᠡᠭᠡᠨ ᠤ ᠠᠵᠢᠯ ᠢ ᠦᠨᠳᠦᠷ ᠦᠨᠡᠯᠡᠭᠰᠡᠨ ᠪᠦᠭᠡᠳ ᠬᠤᠶᠢᠰᠢᠳᠠ ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠯᠤᠭ᠎ᠠ ᠠᠷᠭ᠎ᠠ ᠲᠤᠷᠰᠢᠯᠭ᠎ᠠ ᠪᠠᠨ ᠬᠦᠨᠵᠡᠬᠡᠢ  ᠰᠤᠯᠢᠯᠴᠠᠵᠤ᠂ ᠬᠠᠷᠢᠯᠴᠠᠨ ᠰᠤᠷᠤᠯᠴᠠᠵᠤ ᠬᠠᠮᠲᠤᠪᠠᠷ ᠳᠠᠪᠰᠢᠬᠤ ᠪᠠᠨ ᠤᠯᠠᠮ ᠴᠢᠩᠭᠠᠳᠬᠠᠨ᠎ᠠ ᠭᠡᠵᠦ  ᠢᠯᠡᠷᠭᠡᠶᠢᠯᠡᠵᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号