ᠵᠣᠣ ᠹᠧᠢ ᠫᠧᠩ ᠵᠠᠮ ᠬᠠᠷᠢᠯᠴᠠᠭᠠᠨ ᠤ ᠪᠣᠭᠤᠮᠲᠠ ᠶᠢᠨ ᠠᠵᠢᠯ ᠢ ᠪᠠᠶᠢᠴᠠᠭᠠᠨ ᠵᠢᠯᠤᠭᠤᠳᠤᠭᠰᠠᠨ
ᠨᠡᠶᠢᠲᠡᠯᠡᠭᠰᠡᠨ ᠴᠠᠭ᠄
2022/10/18
 10 ᠰᠠᠷ᠎ᠠ ᠶᠢᠨ 16 ᠤ ᠣᠷᠣᠢ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠲᠦᠷᠭᠡᠨ ᠤ ᠵᠠᠮ ᠤᠨ ᠪᠤᠤᠴᠠᠩ ᠤᠨ ᠡᠮᠦᠨ᠎ᠡ ᠬᠤᠶᠢᠨᠠᠬᠢ ᠰᠦᠢᠳᠬᠡᠯ ᠬᠤᠷᠢᠶᠠᠬᠤ ᠦᠷᠳᠡᠭ᠊ ᠪᠠ ᠬᠦᠨᠪᠤᠯᠠᠭ ᠦᠷᠳᠡᠭᠡ᠂  ︽207︾  ᠵᠠᠮ ᠤᠨ ᠰᠠᠨ ᠬᠤᠤ ᠳ᠋ᠢ ᠳᠠᠬᠢ ᠪᠠᠶᠢᠴᠠᠭᠠᠬᠤ ᠥᠷᠲᠡᠭᠡ ᠪᠠ ᠬᠦᠨᠪᠤᠯᠠᠭ ᠲᠠᠬᠢ  ᠪᠠᠶᠢᠴᠠᠭᠠᠬᠤ ᠥᠷᠲᠡᠭᠡ   ᠳᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂  ᠠᠮᠤᠷ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠪᠣᠳᠠᠲᠠᠢ ᠭᠠᠵᠠᠷ ᠲᠤᠨᠢ ᠪᠠᠶᠢᠴᠠᠭᠠᠨ ᠵᠢᠯᠣᠭᠤᠳᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠣᠣ ᠬᠠᠢ ᠯᠢ  ᠪᠠᠷ᠎ᠠ ᠪᠤᠯᠵᠠᠢ᠃ ᠵᠣᠣ ᠹᠧᠢ ᠫᠧᠩ᠂ ᠡᠯ᠎ᠡ ᠵᠠᠮ ᠬᠠᠷᠢᠯᠴᠠᠭᠠᠨ ᠤ ᠪᠣᠭᠤᠮᠲᠠ ᠨᠢ ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠡᠯ᠎ᠡ  ᠲᠦᠷᠦᠯ ᠤᠨ ᠠᠷᠭ᠎ᠠ ᠬᠡᠮᠵᠢᠶ᠎ᠡ   ᠶᠢ ᠴᠢᠩᠭ᠎ᠠ ᠨᠠᠶᠢᠳᠠᠪᠤᠷᠢᠵᠢᠭᠤᠯᠬᠤ   ᠶᠢ ᠭᠤᠣᠯᠳᠠᠯᠭ᠎ᠠ   ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠳᠤᠮᠳᠠ ᠦᠨᠳᠦᠷ ᠲᠡᠰ ᠤᠨ  ᠲᠦᠭᠰᠢᠬᠦᠷᠢᠳᠦ ᠣᠷᠣᠨ   ᠠᠴᠠ ᠢᠷᠡᠭᠰᠡᠳ ᠢ ᠰᠠᠶᠢᠳᠤᠷ ᠠᠩᠬᠠᠷᠴᠤ᠂ ᠲᠡᠷᠭᠡ ᠪᠤᠯᠭᠠᠨ ᠬᠦᠮᠦᠨ ᠨᠢᠬᠡᠪᠦᠷᠢ ᠶᠢ ᠵᠠᠪᠠᠯ ᠪᠠᠶᠢᠴᠠᠭᠠᠬᠤ ᠶᠢ ᠪᠠᠷᠢᠮᠳᠠᠯᠠᠨ᠂ ᠪᠥᠭᠡᠮ ᠬᠦᠴᠢᠯ ᠤᠨ  ᠪᠠᠶᠢᠴᠠᠭᠠᠯᠳᠠ ᠶᠢᠨ ᠠᠵᠢᠯ   ᠢ ᠴᠢᠩᠭ᠎ᠠ ᠨᠢᠮᠪᠠᠢ ᠮᠦᠷᠳᠡᠭᠡᠨ ᠪᠦᠲᠦᠮᠵᠢᠲᠡᠶ ᠰᠠᠶᠢᠨ ᠬᠢᠵᠦ᠂  ᠡᠪᠡᠳᠴᠢᠨ ᠬᠢᠵᠢᠭ  ᠤᠨ  ᠲᠦᠭᠰᠢᠭᠦᠷᠢ ᠶᠢ ᠮᠠᠨ ᠤ ᠬᠤᠰᠢᠭᠤᠨ ᠳᠠᠭᠠᠨ ᠤᠷᠤᠭᠤᠯᠬᠤ ᠦᠬᠡᠢ ᠪᠠᠶᠢᠬᠤ ᠬᠡᠷᠡᠭᠲᠡᠢ᠃  ᠵᠢᠵᠢᠬᠦᠷ ᠤᠨ ᠠᠵᠢᠯᠳᠠᠳ ᠤᠨ  ᠬᠤᠪᠢ ᠪᠡᠶ᠎ᠡ ᠶᠢᠨ ᠬᠠᠮᠠᠭᠠᠯᠠᠯᠳᠠ᠂ ᠰᠥᠨᠢ  ᠶᠢᠨ ᠲᠤᠯᠠᠭᠠᠯᠠᠭ᠎ᠠ ᠪᠠ ᠠᠷᠤ ᠲᠠᠯ᠎ᠠ ᠶᠢᠨ  ᠦᠢᠯᠡᠴᠢᠯᠡᠭᠡ ᠵᠡᠷᠭᠡ ᠡᠯ᠎ᠡ ᠲᠦᠷᠦᠯ ᠤᠨ ᠠᠵᠢᠯ ᠢ ᠰᠠᠶᠢᠨ ᠬᠢᠵᠦ᠂  ᠠᠵᠢᠯ  ᠡᠬᠦᠷᠭᠡ ᠶᠢ  ᠴᠢᠨᠠᠷᠯᠢᠭ  ᠪᠦᠳᠦᠮᠵᠢᠳᠡᠢ  ᠠᠳᠬᠤᠵᠤ ᠨᠠᠶᠢᠳᠠᠪᠤᠷᠢᠵᠢᠭᠤᠯᠬᠤ ᠬᠡᠷᠡᠭᠲᠡᠢ᠃   ᠲᠠᠭᠠᠭᠤᠯᠤᠨ ᠵᠢᠵᠢᠬᠦᠷᠯᠡᠬᠦ ᠤᠳᠤᠷᠢᠳᠤᠯᠭ᠎ᠠ ᠨᠠᠷ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠡᠯ᠎ᠡ ᠲᠦᠷᠦᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ᠂ ᠡᠮᠦᠨ᠎ᠡ ᠹᠷᠣᠨᠲ ᠤᠨ ᠠᠵᠢᠯᠲᠠᠳ ᠢ ᠱᠠᠭᠠᠷᠳᠠᠨ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠨ ᠬᠢᠵᠦ᠂  ᠰᠢᠯᠢᠳᠡᠭ ᠰᠠᠶᠢᠨ ᠠᠵᠢᠯ ᠤᠨ ᠪᠠᠶᠢᠳᠠᠯ ᠢᠶᠠᠷ ᠬᠢᠵᠢᠭ ᠰᠡᠷᠭᠡᠶᠢᠯᠡᠬᠦ ᠪᠠ ᠲᠣᠭᠲᠠᠭᠤᠨ ᠢ ᠬᠠᠮᠠᠭᠠᠯᠠᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠬᠡᠵᠦ  ᠱᠠᠭᠠᠷᠳᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号