ᠲᠠᠶᠢᠹᠦᠰᠧ ᠬᠤᠰᠢᠭᠤ ᠨᠠᠮ ᠤᠨ ᠭᠡᠰᠢᠭᠦᠨ ᠤ ᠬᠥᠮᠦᠵᠢᠯ ᠤᠨ ᠲᠧᠯᠸᠢᠰ ᠹᠢᠯᠢᠮ ᠦᠶᠯᠡᠳᠬᠦ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2022/10/18
  10 ᠰᠠᠷ᠎ᠠ ᠶᠢᠨ 17 ᠤ ᠡᠳᠦᠷ᠂   ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠭᠤᠣᠯᠯᠠᠨ ᠡᠷᠭᠢᠯᠡᠵᠦ᠂  ᠵᠣᠬᠢᠶᠠᠨ ᠪᠠᠶᠢᠭᠤᠯᠬᠤ ᠬᠡᠯᠲᠡᠰ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠪᠠᠲᠤᠯᠠᠭ᠎ᠠ ᠶᠢᠨ ᠲᠥᠪ ᠠᠴᠠ ᠬᠠᠷᠢᠭᠤᠴᠠᠨ ᠡᠷᠭᠢᠯᠡᠭᠰᠡᠨ  ︽ ᠬᠤᠷᠢᠳᠤᠭᠠᠷ ᠶᠡᠭᠡ ᠬᠤᠷᠠᠯ  ᠢᠶᠠᠨ ᠪᠠᠶᠠᠷᠯᠠᠨ ᠤᠭᠲᠤᠵᠤ ᠡᠪ ᠬᠠᠮᠳᠤ ᠨᠠᠮ ᠢᠶᠠᠨ ᠡᠭᠦᠷᠢᠳᠡ ᠳᠠᠭᠠᠨ᠎ᠠ︾ ᠠᠩᠬᠠᠳᠤᠭᠠᠷ ᠬᠤᠭᠤᠴᠠᠭᠠᠨ ᠤ ᠨᠠᠮ ᠤᠨ ᠭᠡᠰᠢᠭᠦᠨ ᠤ ᠬᠥᠮᠦᠵᠢᠯ ᠤᠨ ᠲᠧᠯᠸᠢᠰ ᠹᠢᠯᠢᠮ ᠦᠶᠯᠡᠳᠬᠦ ᠤᠷᠤᠯᠳᠤᠭᠠᠨ ᠠᠮᠵᠢᠯᠲᠠ ᠲᠠᠢ ᠪᠤᠯᠵᠤ ᠦᠩᠭᠡᠷᠡᠪᠡ᠃ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠨᠠᠮ ᠤᠨ ᠭᠡᠰᠢᠭᠦᠨ ᠤ ᠬᠥᠮᠦᠵᠢᠯ ᠤᠨ ᠲᠥᠪ ᠤᠨ ᠡᠷᠬᠢᠯᠡᠭᠴᠢ ᠱᠧᠨ ᠴᠢ ᠠᠬᠤᠢ ᠲᠠᠯᠠᠪᠠᠢ ᠳᠤ ᠵᠢᠭᠠᠨ ᠵᠢᠯᠤᠭᠤᠳᠴᠤ᠂ ᠬᠤᠰᠢᠭᠤᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ ᠵᠢᠴᠢ ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂  ᠬᠤᠰᠢᠭᠤ ᠬᠠᠷᠢᠶ᠎ᠠ ᠪᠠᠶᠢᠭᠤᠯᠭ᠎ᠠ ᠨᠢᠬᠡᠴᠡ ᠶᠢᠨ ᠨᠠᠮ ᠤᠨ ᠡᠭᠦᠷ᠂ ᠭᠠᠴᠠᠭ᠎ᠠ ᠲᠣᠰᠬᠤᠨ ᠤ ᠨᠠᠮ ᠤᠨ ᠡᠭᠦᠷ ᠤᠨ ᠱᠦᠵᠢ ᠤᠷᠤᠯᠳᠤᠭᠠᠨ ᠢ ᠰᠤᠨᠢᠷᠬᠠᠵᠠᠢ᠃  ᠤᠷᠤᠯᠳᠤᠭᠠᠨ ᠳᠤ ᠣᠷᠣᠯᠴᠠᠭᠰᠠᠨ  ᠲᠧᠯᠸᠢᠰ ᠹᠢᠯᠢᠮ ᠳᠤ ᠰᠢᠯᠢᠳᠡᠭ ᠨᠠᠮ ᠤᠨ ᠭᠡᠰᠢᠭᠦᠨ ᠤ ᠦᠶᠯᠡ ᠠᠵᠢᠯᠯᠠᠭ᠎ᠠ ᠶᠢᠨ ᠹᠢᠯᠢᠮ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠡᠷᠡᠭ ᠤᠨ ᠵᠢᠱᠢᠶᠡᠨ ᠤ ᠹᠢᠯᠢᠮ᠂ ᠵᠢᠭᠠᠨ ᠰᠤᠷᠭᠠᠯᠲᠠ ᠶᠢᠨ ᠬᠢᠴᠢᠶᠡᠯ ᠤᠨ ᠹᠢᠯᠢᠮ ᠬᠡᠵᠦ ᠭᠤᠷᠪᠠᠨ ᠲᠦᠷᠦᠯ ᠬᠤᠪᠢᠶᠠᠭᠰᠠᠨ ᠪᠠᠶᠢᠨ᠎ᠠ᠃ ᠲᠣᠰ ᠠᠵᠢᠯᠯᠠᠭ᠎ᠠ ᠡᠬᠢᠯᠡᠭᠰᠡᠨ ᠠᠴᠠ ᠨᠠᠰᠢ᠂  ᠡᠯ᠎ᠡ ᠰᠤᠮᠤ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠬᠦᠨᠳᠦᠳᠬᠡᠨ ᠴᠢᠬᠤᠯᠠᠴᠢᠯᠠᠵᠤ ᠢᠳᠡᠪᠬᠢᠲᠡᠢ ᠤᠷᠤᠯᠴᠠᠭᠠᠳ᠂  ᠵᠣᠬᠢᠶᠠᠨ ᠪᠠᠶᠢᠭᠤᠯᠬᠤ ᠺᠣᠮᠢᠰ ᠤᠨ ᠬᠢᠨ ᠨᠠᠷᠢᠨ ᠬᠢᠨᠠᠮᠠᠭᠠᠢ ᠰᠢᠯᠭᠠᠷᠠᠭᠤᠯᠤᠯᠲᠠ ᠪᠠᠷ ᠳᠡᠮᠵᠢᠨ᠂  ᠰᠣᠩᠭᠤᠨ ᠲᠡᠪᠰᠢᠬᠦᠯᠦᠭᠰᠡᠨ ᠠᠯᠢ ᠣᠯᠠᠨ ᠪᠦᠲᠦᠭᠡᠯ ᠤᠨ ᠳᠣᠲᠣᠷ᠎ᠠ ᠠᠴᠠ 19 ᠰᠢᠯᠢᠳᠡᠭ ᠪᠦᠲᠦᠭᠡᠯ ᠢ ᠰᠢᠯᠭᠠᠷᠠᠭᠤᠯᠵᠤ ᠰᠢᠢᠳᠪᠦᠷᠢᠲᠦ ᠤᠷᠤᠯᠳᠤᠭᠠᠨ ᠳᠤ  ᠤᠷᠤᠯᠴᠠᠭᠤᠯᠵᠠᠢ᠃ ᠰᠢᠢᠳᠪᠦᠷᠢᠲᠦ ᠤᠷᠤᠯᠳᠤᠭᠠᠨ ᠤ ᠠᠬᠤᠢ ᠲᠠᠯᠠᠪᠠᠢ ᠳᠤ᠂ ᠤᠷᠤᠯᠴᠠᠭᠰᠠᠨ ᠪᠦᠲᠦᠭᠡᠯ ᠢ ᠨᠢᠭᠡᠳ ᠨᠢᠭᠡ ᠪᠠᠷ  ᠲᠠᠯᠪᠢᠵᠤ  ᠦᠵᠡᠬᠦᠯᠦᠭᠰᠡᠨ ᠤ ᠳᠠᠷᠠᠭ᠎ᠠ᠂   ᠠᠬᠤᠢ ᠲᠠᠯᠠᠪᠠᠢ ᠶᠢᠨ  ᠬᠢᠨᠠᠭᠴᠢᠳ ᠠᠴᠠ ᠦᠨᠡᠨ ᠠᠴᠠ ᠵᠥᠪ ᠢ ᠡᠷᠢᠬᠦ᠂ ᠪᠤᠰᠤᠳᠴᠢ ᠲᠥᠪ ᠭᠤᠥᠯᠴᠢ ᠪᠠᠶᠢᠬᠤ᠂ ᠪᠠᠷᠢᠮᠵᠢᠶ᠎ᠠ ᠶᠢ ᠪᠠᠷᠢᠮᠲᠠᠯᠠᠬᠤ᠂ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠵᠠᠷᠴᠢᠮ ᠶᠣᠰᠣᠭᠠᠷ᠂ ᠨᠠᠷᠢᠨ ᠬᠢᠨᠠᠮᠠᠭᠠᠢ ᠬᠢᠨᠠᠨ  ᠰᠢᠯᠭᠠᠷᠠᠭᠤᠯᠵᠤ᠂  ᠪᠠᠶᠢᠷᠢ ᠲᠡᠰ ᠢ ᠲᠤᠭᠳᠠᠭᠠᠵᠠᠢ  ᠃  ᠡᠨᠡ  ᠤᠳᠠᠭᠠᠨ ᠤ ᠠᠵᠢᠯᠯᠠᠭ᠎ᠠ ᠨᠢ  ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠷᠰᠢᠯᠭ᠎ᠠ ᠪᠠ ᠨᠠᠮ ᠤᠨ ᠭᠡᠰᠢᠭᠦᠨ ᠺᠠᠳ᠋ᠷᠴᠤᠳ ᠤᠨ ᠲᠡᠷᠢᠭᠦᠨ ᠤ ᠦᠶᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ᠂ ᠡᠯ᠎ᠡ ᠹᠷᠣᠨᠲ ᠤᠨ ᠨᠠᠮ ᠤᠨ ᠭᠡᠰᠢᠭᠦᠨ ᠺᠠᠳ᠋ᠷᠴᠤᠳ ᠤᠨ ᠣᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ  ᠦᠵᠡᠬᠦᠯᠦᠭᠡᠳ᠂ ᠨᠠᠮ ᠤᠨ ᠭᠡᠰᠢᠭᠦᠨ ᠤ ᠬᠦᠮᠦᠵᠢᠯ ᠢ ᠥᠷᠨᠢᠭᠦᠯᠬᠦ ᠳᠤ ᠡᠯᠪᠡᠭ ᠪᠠᠶᠠᠯᠢᠭ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠬᠠᠩᠭᠠᠵᠤ᠂  ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠥᠨᠢ ᠡᠭᠦᠷᠢᠳᠡ ᠨᠠᠮ ᠢᠶᠠᠨ ᠳᠠᠭᠠᠵᠤ᠂ ᠰᠢᠨ᠎ᠡ ᠠᠶᠠᠨ ᠵᠠᠮ ᠳᠠᠭᠠᠨ ᠡᠷᠡᠯᠬᠡᠭᠯᠡᠨ ᠤᠷᠤᠭᠰᠢᠯᠠᠬᠤ ᠢᠲᠡᠭᠡᠯ ᠵᠣᠷᠢᠭ ᠢ ᠲᠠᠶᠢᠴᠢᠯᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号