ᠪᠥᠬᠦ ᠠᠶᠢᠮᠠᠭ ᠤᠨ ᠨᠠᠮ ᠤᠨ ᠭᠡᠰᠢᠭᠦᠨ ᠤ ᠬᠥᠮᠦᠵᠢᠯ ᠤᠨ ᠲᠧᠯᠸᠢᠰ ᠹᠢᠯᠢᠮ ᠦᠶᠯᠡᠳᠬᠦ ᠤᠷᠤᠯᠳᠤᠭᠠᠨ ᠲᠠᠶᠢᠹᠤᠰᠧ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2022/10/19
   10 ᠰᠠᠷ᠎ᠠ ᠶᠢᠨ 18 ᠤ ᠡᠳᠦᠷ᠂  ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠭᠤᠣᠯᠯᠠᠨ ᠡᠷᠭᠢᠯᠡᠵᠦ᠂  ᠲᠠᠶᠢᠹᠤᠰᠧ ᠬᠤᠰᠢᠭᠤᠨ ᠤ ᠨᠠᠮ ᠤᠨ ᠬᠤᠷᠢᠶ᠎ᠠ ᠠᠴᠠ ᠬᠠᠷᠢᠭᠤᠴᠠᠨ ᠡᠷᠭᠢᠯᠡᠭᠰᠡᠨ ᠰᠢᠯᠢ ᠶᠢᠨ ᠭᠤᠣᠯ ᠠᠶᠢᠮᠠᠭ ᠤᠨ ︽ᠬᠤᠷᠢᠳᠤᠭᠠᠷ ᠶᠡᠭᠡ ᠬᠤᠷᠠᠯ ᠢᠶᠠᠨ ᠪᠠᠶᠠᠷᠯᠠᠨ ᠤᠭᠲᠤᠵᠤ ᠰᠢᠨ᠎ᠡ ᠠᠶᠠᠨ ᠵᠠᠮ ᠳᠠᠭᠠᠨ ᠡᠷᠡᠯᠬᠡᠭᠯᠡᠨ ᠤᠷᠤᠭᠰᠢᠯᠠᠬᠤ︾ ᠨᠠᠮ ᠤᠨ ᠭᠡᠰᠢᠭᠦᠨ ᠤ ᠬᠥᠮᠦᠵᠢᠯ ᠤᠨ ᠲᠧᠯᠸᠢᠰ ᠹᠢᠯᠢᠮ ᠦᠶᠯᠡᠳᠬᠦ ᠤᠷᠤᠯᠳᠤᠭᠠᠨ ᠲᠠᠶᠢᠹᠤᠰᠧ ᠬᠤᠰᠢᠭᠤᠨ ᠳᠤ ᠠᠮᠵᠢᠯᠲᠠ ᠲᠠᠢ ᠶᠠᠪᠤᠭᠳᠠᠪᠠ᠃ ᠠᠶᠢᠮᠠᠭ ᠤᠨ ᠨᠠᠮ ᠤᠨ ᠬᠤᠷᠢᠶᠠᠨ ᠤ  ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠰᠢᠦᠢ ᠭᠦᠸᠧ ᠵᠢᠶᠦ᠋ᠨ  ᠠᠬᠤᠢ ᠲᠠᠯᠠᠪᠠᠢ ᠳᠤ ᠵᠢᠭᠠᠨ ᠵᠢᠯᠤᠭᠤᠳᠴᠤ᠂  ᠬᠤᠰᠢᠭᠤ ᠨᠠᠮ ᠤᠨ  ᠬᠤᠷᠢᠶᠠᠨ ᠤ ᠱᠦᠵᠢ ᠵᠣᠣ ᠹᠧᠢ ᠫᠧᠩ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠸᠧᠢ ᠬᠤᠩ ᠵᠡᠷᠭᠡ ᠳᠥᠷᠪᠡᠨ ᠶᠡᠭᠡ ᠪᠠᠭ ᠤᠨ ᠤᠳᠤᠷᠢᠳᠤᠯᠭ᠎ᠠ᠂ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠶᠢᠨ ᠲᠥᠯᠥᠭᠡᠯᠡᠭᠴᠢ᠂  ᠲᠠᠶᠢᠹᠤᠰᠧ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ᠂ ᠪᠠᠶᠢᠭᠤᠯᠭ᠎ᠠ ᠨᠢᠬᠡᠴᠡ ᠶᠢᠨ ᠲᠥᠯᠥᠭᠡᠯᠡᠭᠴᠢ ᠤᠷᠤᠯᠳᠤᠭᠠᠨ ᠢ ᠰᠤᠨᠢᠷᠬᠠᠵᠠᠢ᠃ ᠤᠷᠤᠯᠳᠤᠭᠠᠨ ᠳᠤ ᠣᠷᠤᠯᠴᠠᠬᠤ ᠲᠧᠯᠸᠢᠰ ᠹᠢᠯᠢᠮ ᠢ ᠰᠢᠯᠢᠳᠡᠭ ᠨᠠᠮ ᠤᠨ ᠭᠡᠰᠢᠭᠦᠨ ᠤ ᠦᠢᠯᠡ ᠠᠵᠢᠯᠯᠠᠭ᠎ᠠ ᠶᠢᠨ ᠹᠢᠯᠢᠮ᠂ ᠨᠠᠮ ᠤᠨ ᠪᠠᠶᠢᠭᠤᠯᠤᠯᠲᠠ ᠶᠢᠨ ᠠᠵᠢᠯ ᠤᠨ ᠵᠢᠱᠢᠶᠡᠨ ᠤ ᠹᠢᠯᠢᠮ ᠪᠠ ᠵᠢᠭᠠᠨ ᠰᠤᠷᠭᠠᠯᠲᠠ ᠶᠢᠨ ᠬᠢᠴᠢᠶᠡᠯ ᠤᠨ ᠹᠢᠯᠢᠮ ᠭᠡᠵᠦ ᠭᠤᠷᠪᠠᠨ ᠲᠦᠷᠦᠯ ᠳᠤ ᠬᠤᠪᠢᠶᠠᠭᠰᠠᠨ ᠪᠠᠶᠢᠨ᠎ᠠ᠃  ᠡᠨᠡ ᠬᠦ᠋ ᠠᠵᠢᠯ ᠢ ᠡᠬᠢᠯᠡᠭᠦᠯᠦᠭᠰᠡᠨ ᠠᠴᠠ ᠨᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ   ᠤᠨ  ᠬᠢᠨ ᠨᠠᠷᠢᠨ ᠨᠢᠮᠪᠠᠢ ᠤᠬᠠᠭᠠᠯᠠᠨ ᠲᠥᠯᠥᠪᠯᠡᠵᠦ᠂ ᠰᠡᠭᠦᠳᠡᠷᠯᠡᠨ ᠦᠢᠯᠡᠳᠴᠦ᠂ ᠢᠳᠡᠪᠬᠢᠲᠡᠢ  ᠤᠷᠤᠯᠴᠠᠭᠰᠠᠨ  ᠪᠦᠭᠡᠳ ᠱᠠᠲᠤ ᠱᠠᠲᠤ ᠪᠠᠷ ᠰᠢᠭᠰᠢᠨ ᠰᠣᠩᠭᠤᠬᠤ ᠪᠠᠷ  ᠲᠠᠮᠵᠢᠭᠠᠳ᠂  ᠬᠠᠮᠤᠭ ᠡᠴᠦᠰ  ᠲᠤ 17 ᠰᠢᠯᠢᠳᠡᠭ  ᠪᠦᠲᠦᠭᠡᠯ ᠢ ᠰᠢᠢᠳᠪᠦᠷᠢᠲᠦ ᠤᠷᠤᠯᠳᠤᠭᠠᠨ ᠳᠤ ᠰᠢᠯᠢᠵᠦ ᠤᠷᠤᠯᠴᠠᠭᠤᠯᠵᠠᠢ᠃ ᠡᠳᠡᠭᠡᠷ ᠪᠦᠲᠦᠭᠡᠯ ᠨᠢ ᠠᠳᠠᠯᠢ ᠪᠤᠰᠤ ᠲᠠᠯ᠎ᠠ ᠠᠴᠠ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ  ᠪᠠ ᠰᠢᠯᠢᠳᠡᠭ ᠨᠠᠮ ᠤᠨ ᠭᠡᠰᠢᠭᠦᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠡᠯ᠎ᠡ  ᠲᠦᠷᠦᠯ ᠤᠨ ᠠᠵᠢᠯ ᠦᠢᠯᠡᠰ ᠢ ᠦᠷᠨᠢᠬᠦᠯᠬᠦ ᠶᠠᠪᠤᠴᠠ ᠳᠤ ᠪᠠᠳᠠᠷᠠᠭᠤᠯᠤᠭᠰᠠᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠠ ᠬᠤᠰᠢᠭᠤᠴᠢ ᠵᠢᠱᠢᠶᠡᠴᠢ ᠶᠢᠨ ᠦᠢᠯᠡᠳᠦᠯ ᠢ ᠢᠯᠡᠷᠡᠭᠦᠯᠪᠡ᠃  ᠠᠬᠤᠢ ᠲᠠᠯᠠᠪᠠᠶ ᠶᠢᠨ ᠬᠢᠨᠠᠨ ᠦᠨᠡᠯᠡᠯᠳᠡ ᠪᠠᠷ ᠲᠠᠮᠵᠢᠭᠠᠳ ᠰᠥᠨᠢᠳ ᠵᠡᠭᠦᠨ ᠬᠤᠰᠢᠭᠤᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠪᠰᠢᠭᠦᠯᠦᠭᠰᠡᠨ ᠪᠦᠲᠦᠭᠡᠯ ᠨᠢᠭᠡᠳᠦᠭᠡᠷ ᠳᠡᠰ ᠤᠨ ᠱᠠᠩᠨᠠᠯ ᠬᠦᠷᠲᠡᠵᠦ᠂ ᠠᠪᠠᠭ᠎ᠠ ᠬᠤᠰᠢᠭᠤᠨ ᠤ ᠵᠣᠬᠢᠶᠠᠨ ᠪᠠᠶᠢᠭᠤᠯᠬᠤ ᠬᠡᠯᠲᠡᠰ᠂ ᠤᠯᠠᠭᠠᠢ ᠬᠠᠮᠢᠶᠠᠷᠤᠯᠲᠠ ᠶᠢᠨ ᠣᠷᠣᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠪᠰᠢᠭᠦᠯᠦᠭᠰᠡᠨ ᠪᠦᠲᠦᠭᠡᠯ ᠬᠤᠶᠠᠳᠤᠭᠠᠷ ᠲᠤ ᠣᠷᠣᠵᠤ᠂ ᠵᠡᠭᠦᠨ ᠦᠵᠦᠮᠦᠴᠢᠨ ᠬᠤᠰᠢᠭᠤᠨ ᠤ ᠵᠣᠬᠢᠶᠠᠨ ᠪᠠᠶᠢᠭᠤᠯᠬᠤ ᠬᠡᠯᠲᠡᠰ᠂ ᠪᠠᠷᠠᠭᠤᠨ ᠦᠵᠦᠮᠦᠴᠢᠨ ᠬᠤᠰᠢᠭᠤᠨ ᠤ ᠵᠣᠬᠢᠶᠠᠨ ᠪᠠᠶᠢᠭᠤᠯᠬᠤ ᠬᠡᠯᠲᠡᠰ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠪᠰᠢᠭᠦᠯᠦᠭᠰᠡᠨ ᠪᠦᠲᠦᠭᠡᠯ ᠭᠤᠷᠪᠠᠳᠤᠭᠠᠷ ᠲᠤ ᠤᠷᠤᠭᠰᠠᠨ ᠪᠠᠶᠢᠨ᠎ᠠ᠃  ᠡᠨᠡ  ᠤᠳᠠᠭᠠᠨ  ᠤ ᠤᠷᠤᠯᠳᠤᠭᠠᠨ ᠨᠢ ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠠᠵᠢᠯ ᠤᠨ ᠳᠤᠮᠳᠠ ᠴᠣᠯᠭᠤᠷᠠᠨ ᠭᠠᠷᠤᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠪᠠ ᠰᠡᠳᠬᠢᠯ ᠬᠥᠳᠡᠯᠭᠡᠮ᠎ᠡ ᠥᠯᠢᠭᠡᠷ ᠢ ᠳᠡᠯᠭᠡᠨ ᠦᠵᠡᠭᠦᠯᠵᠦ᠂ ᠪᠥᠬᠦ ᠠᠶᠢᠮᠠᠭ ᠤᠨ ᠨᠠᠮ ᠤᠨ ᠪᠠᠶᠢᠭᠤᠯᠤᠯᠲᠠ ᠪᠠ ᠵᠣᠬᠢᠶᠠᠨ ᠪᠠᠶᠢᠭᠤᠯᠬᠤ ᠠᠵᠢᠯ ᠤᠨ ᠦᠷ᠎ᠡ ᠠᠮᠵᠢᠯᠳᠠ ᠶᠢ   ᠬᠠᠷᠠᠭᠤᠯᠤᠭᠠᠳ᠂ ᠰᠢᠨ᠎ᠡ ᠵᠠᠭᠤᠴᠢᠯᠠᠭᠤᠷ ᠤᠨ ᠣᠷᠴᠢᠨ ᠨᠥᠬᠦᠴᠡᠯ ᠳᠣᠣᠷᠠᠬᠢ ᠨᠠᠮ ᠤᠨ ᠭᠡᠰᠢᠭᠦᠨ ᠤ ᠬᠥᠮᠦᠵᠢᠯ ᠤᠨ ᠡᠬᠢ ᠪᠠᠶᠠᠯᠢᠭ ᠤᠨ ᠰᠢᠨ᠎ᠡ ᠶᠢ ᠡᠭᠦᠳᠦᠨ ᠬᠥᠭᠵᠢᠬᠦ  ᠶᠢ ᠠᠬᠢᠭᠤᠯᠵᠤ᠂ ᠪᠦᠬᠦ ᠠᠶᠢᠮᠠᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠬᠦᠳ ᠲᠤ ᠡᠯᠪᠡᠭ ᠪᠠᠶᠠᠨ ᠣᠶᠤᠨ ᠤ ᠲᠡᠵᠢᠭᠡᠯ ᠬᠠᠩᠭᠠᠭᠰᠠᠨ ᠪᠠᠶᠢᠨ᠎ᠠ᠃ ᠤᠷᠤᠯᠳᠤᠭᠠᠨ ᠳᠤ ᠣᠷᠣᠯᠴᠠᠭᠰᠠᠨ  ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠶᠢᠨ ᠲᠥᠯᠥᠭᠡᠯᠡᠭᠴᠢᠳ ᠡᠨᠡ ᠤᠳᠠᠭᠠᠨ ᠤ ᠤᠷᠤᠯᠳᠤᠭᠠᠨ ᠢᠶᠠᠷ ᠬᠥᠳᠡᠯᠭᠡᠭᠦ ᠬᠦᠴᠦᠨ ᠪᠣᠯᠭᠠᠵᠤ᠂  ᠹᠢᠯᠢᠮ ᠦᠶᠯᠡᠳᠬᠦ ᠠᠷᠭ᠎ᠠ ᠮᠠᠶ᠋ᠢᠭ ᠤᠨ ᠲᠠᠯ᠎ᠠ ᠪᠠᠷ ᠤᠯᠠᠮ ᠰᠢᠨ᠎ᠡ ᠶᠢ ᠡᠬᠦᠳᠦᠨ᠂  ᠹᠢᠯᠢᠮ ᠦᠶᠯᠡᠳᠬᠦ ᠠᠵᠢᠯ ᠤᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠲᠡᠭᠡᠭᠰᠢᠯᠡᠬᠦᠯᠵᠦ᠂ ᠨᠠᠩ ᠣᠯᠠᠨ ᠰᠢᠯᠢᠳᠡᠭ ᠲᠧᠯᠸᠢᠰ ᠹᠢᠯᠢᠮ ᠢ ᠦᠢᠯᠡᠳᠦᠨ᠂ ᠪᠥᠬᠦ ᠠᠶᠢᠮᠠᠭ ᠤᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠰᠤᠷᠤᠯᠴᠠᠯᠭ᠎ᠠ ᠶᠢᠨ ᠥᠪᠡᠷᠮᠢᠴᠡ ᠣᠨᠴᠠᠯᠢᠭ᠂ ᠣᠯᠠᠨ  ᠶᠠᠩᠵᠤᠭᠰᠠᠨ ᠱᠠᠭᠠᠷᠳᠠᠯᠭ᠎ᠠ ᠬᠡᠷᠡᠭᠴᠡᠭᠡ  ᠶᠢ ᠲᠠᠰᠤᠷᠠᠯᠲᠠ ᠦᠭᠡᠢ ᠬᠠᠩᠭᠠᠨ᠎ᠠ  ᠬᠡᠵᠦ ᠢᠯᠡᠷᠭᠡᠶᠢᠯᠡᠵᠡᠬᠡᠨ᠎ᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号