ᠲᠡᠷᠭᠡ ᠤᠨᠤᠭᠠᠨ ᠤ ᠬᠠᠮᠢᠶᠠᠷᠤᠯᠳᠠ ᠶᠢ ᠴᠢᠩᠭᠠᠳᠬᠠᠵᠤ  ᠵᠠᠮ ᠬᠠᠷᠢᠯᠴᠠᠭᠠᠨ ᠤ ᠠᠶᠤᠯᠬᠦᠢ ᠶᠢ ᠪᠠᠳᠤᠯᠠᠨᠠᠮ
ᠨᠡᠶᠢᠲᠡᠯᠡᠭᠰᠡᠨ ᠴᠠᠭ᠄
2022/10/19
  ᠴᠠᠬᠢᠯᠭᠠᠨ ᠬᠥᠳᠡᠯᠭᠡᠭᠦᠷᠲᠦ ᠲᠡᠷᠭᠡ᠂ ᠭᠤᠷᠪᠠᠨ ᠬᠦᠷᠳᠦᠲᠦ ᠮᠣᠲ᠋ᠣᠷ ᠲᠡᠷᠭᠡᠨ ᠤ ᠬᠠᠮᠢᠶᠠᠷᠤᠯᠳᠠ ᠶᠢ ᠲᠦᠷᠢᠮᠵᠢᠬᠦᠯᠵᠦ᠂  ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ  ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠮᠠᠰᠢᠨ ᠲᠡᠷᠭᠡᠨ ᠤ ᠵᠠᠮ ᠬᠠᠷᠢᠯᠴᠠᠭᠠᠨ ᠤ ᠬᠠᠤᠯᠢ ᠲᠦᠷᠢᠮ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠵᠦ ᠪᠠᠶᠢᠨ᠎ᠠ᠃  ᠠᠵᠢᠯᠯᠠᠭᠠᠨ ᠤ ᠳᠤᠮᠳᠠ᠂ ᠶᠡᠭᠡ ᠠᠩᠭᠢ ᠶᠢᠨ ᠬᠢᠨ ᠰᠢᠨᠵᠢᠯᠡᠬᠦ ᠤᠬᠠᠭᠠᠨᠴᠢ ᠪᠠᠶᠢᠷᠢᠯᠠᠭᠤᠯᠤᠯᠲᠠ ᠬᠢᠬᠦ ᠪᠠᠷ ᠳᠡᠮᠵᠢᠨ᠂ ᠴᠠᠭᠳᠠᠭᠠᠨ ᠤ ᠬᠦᠴᠦᠨ ᠢᠶᠠᠨ ᠵᠣᠬᠢᠰᠲᠠᠢ ᠲᠣᠬᠢᠷᠠᠭᠤᠯᠵᠤ᠂  ᠬᠤᠰᠢᠭᠤ ᠲᠣᠭᠤᠷᠢᠭ ᠤᠨ ᠭᠤᠣᠯ ᠵᠠᠮ ᠵᠢᠴᠢ ᠵᠠᠮ ᠤᠨ ᠠᠮᠠ ᠪᠠᠷ ᠭᠤᠣᠯᠳᠠᠯᠭ᠎ᠠ ᠪᠤᠯᠭᠠᠨ᠂ ᠭᠤᠣᠯᠳᠠᠯᠭ᠎ᠠ ᠲᠠᠢ ᠴᠠᠭ ᠬᠤᠭᠤᠴᠠᠭ᠎ᠠ᠂ ᠭᠤᠣᠯᠳᠠᠯᠭ᠎ᠠ ᠲᠠᠢ ᠵᠠᠮ ᠤᠨ ᠬᠡᠰᠡᠭ ᠢ ᠴᠢᠩᠭ᠎ᠠ  ᠡᠵᠡᠮᠳᠡᠵᠦ᠂ ᠲᠣᠭᠤᠷᠢᠨ ᠴᠠᠭᠳᠠᠬᠤ ᠪᠠ ᠴᠢᠭ᠋ ᠲᠣᠭᠲᠠᠭᠠᠬᠤ ᠠᠷᠭ᠎ᠠ ᠬᠡᠯᠪᠡᠷᠢ ᠪᠠᠷ ᠭᠤᠣᠯ ᠴᠢᠬᠤᠯᠠ ᠵᠠᠮ ᠤᠨ ᠦᠢᠯᠡᠴᠢᠯᠡᠭᠡᠨ ᠤ ᠠᠵᠢᠯ ᠤᠨ ᠪᠠᠶᠢᠷᠢ ᠶᠢ ᠨᠡᠮᠡᠨ ᠲᠤᠬᠢᠷᠠᠭᠤᠯᠵᠤ᠂ ᠴᠠᠬᠢᠯᠭᠠᠨ ᠬᠥᠳᠡᠯᠭᠡᠭᠦᠷᠲᠦ ᠲᠡᠷᠭᠡ᠂ ᠮᠣᠲ᠋ᠣᠷ ᠲᠡᠷᠭᠡᠨ ᠤ ᠵᠢᠯᠤᠭᠤᠴᠢ ᠨᠠᠷ   ᠤᠨ  ᠳᠤᠭᠤᠯᠠᠭ᠎ᠠ ᠡᠮᠦᠰᠬᠦ ᠦᠭᠡᠢ᠂ ᠲᠣᠭᠲᠠᠭᠠᠯ ᠠᠴᠠ ᠵᠥᠷᠢᠴᠡᠨ ᠬᠥᠮᠥᠨ ᠠᠴᠢᠬᠤ᠂  ᠲᠤᠭᠳᠠᠭᠰᠠᠨ ᠵᠠᠮ ᠠᠴᠠ ᠭᠠᠷᠴᠤ ᠠᠶᠠᠯᠠᠬᠤ ᠵᠡᠷᠭᠡ  ᠬᠠᠤᠯᠢ ᠪᠤᠰᠤ ᠦᠶᠯᠡ ᠠᠵᠢᠯᠯᠠᠭ᠎ᠠ ᠶᠢ ᠲᠤᠰᠬᠠᠶᠢᠯᠠᠨ  ᠴᠡᠭᠴᠡᠯᠡᠵᠦ᠂  ᠴᠢᠩᠭ᠎ᠠ ᠪᠠᠶᠢᠴᠠᠭᠠᠵᠤ ᠴᠢᠩᠭ᠎ᠠ ᠬᠠᠮᠢᠶᠠᠷᠬᠤ ᠥᠨᠳᠥᠷ ᠳᠠᠷᠤᠯᠲᠠᠲᠤ ᠪᠠᠶᠢᠳᠠᠯ ᠢ ᠪᠣᠶ ᠪᠤᠯᠭᠠᠵᠠᠢ᠃    ︽ ᠠᠶᠤᠯᠭᠦᠢ ᠶᠢᠨ ᠪᠦᠰᠡ ᠪᠠᠨ ᠪᠦᠰᠡᠯᠡᠵᠦ᠂  ᠶᠤᠰᠤ ᠲᠦᠷᠢᠮ ᠲᠠᠢ ᠵᠢᠯᠤᠭᠤᠳᠤᠨ᠂ ᠤᠯᠠᠭᠠᠨ ᠳ᠋ᠧᠩ ᠰᠢᠪᠳᠤᠯᠬᠤ᠂ ᠲᠣᠭᠲᠠᠭᠰᠠᠨ ᠵᠠᠮ ᠠᠴᠠ ᠭᠠᠷᠬᠤ᠂  ᠳᠤᠷ᠎ᠠ ᠲᠠᠪᠠ ᠪᠠᠷ ᠢᠶᠠᠨ ᠵᠤᠭᠰᠤᠭᠠᠬᠤ᠂ ᠠᠷᠢᠬᠢ ᠤᠤᠭᠤᠵᠤ  ᠵᠢᠯᠤᠭᠤᠳᠬᠤ   ᠶᠢ ᠡᠷᠡᠰ ᠴᠡᠭᠡᠷᠯᠡᠬᠦ ᠬᠡᠷᠡᠭᠲᠡᠢ᠂ ᠮᠠᠰᠢᠨᠲᠤ ᠪᠤᠰᠤ ᠲᠡᠷᠭᠡ  ᠵᠢᠯᠤᠭᠤᠳᠬᠤ ᠳᠤ  ᠴᠤ ᠠᠶᠤᠯᠬᠦᠢ ᠳᠤᠭᠤᠯᠠᠭ᠎ᠠ ᠡᠮᠦᠰᠴᠦ᠂ ᠤᠯᠠᠭᠠᠨ ᠳ᠋ᠧᠩ ᠰᠢᠪᠳᠤᠯᠬᠤ  ᠂  ᠲᠤᠭᠳᠠᠭᠰᠠᠨ ᠵᠠᠮ ᠠᠴᠠ ᠭᠠᠷᠬᠤ᠂ ᠳᠤᠷ᠎ᠠ ᠪᠠᠷ ᠢᠶᠠᠨ ᠵᠠᠮ ᠣᠭᠲᠣᠯᠬᠤ   ᠶᠢ ᠡᠷᠡᠰ ᠴᠡᠭᠡᠷᠯᠡᠬᠦ ᠬᠡᠷᠡᠭᠲᠡᠢ  ᠃  ᠵᠠᠮ ᠬᠠᠷᠢᠯᠴᠠᠭᠠᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠥᠷᠭᠡᠨ ᠣᠯᠠᠨ ᠵᠠᠮ ᠬᠠᠷᠢᠯᠴᠠᠭᠠᠨ ᠤ ᠣᠷᠣᠯᠴᠠᠭᠴᠢ ᠬᠠᠮᠲᠤ ᠪᠠᠷ ᠬᠠᠮᠠᠭᠠᠯᠠᠬᠤ ᠨᠢ ᠴᠢᠬᠤᠯᠠ  ᠂  ᠣᠯᠠᠨ ᠢᠶᠠᠷ ᠢᠶᠠᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠢ ᠣᠶᠢᠯᠠᠭᠠᠨ ᠳᠡᠮᠵᠢᠵᠦ᠂ ᠵᠠᠮ ᠬᠠᠷᠢᠯᠴᠠᠭᠠᠨ ᠤ ᠬᠠᠤᠯᠢ  ᠲᠦᠷᠢᠮ ᠢ  ᠵᠢᠷᠤᠮᠯᠠᠨ ᠰᠠᠬᠢᠵᠤ᠂ ᠬᠠᠤᠯᠢ  ᠲᠦᠷᠢᠮ ᠵᠥᠷᠢᠴᠡᠭᠰᠡᠨ ᠡᠯ᠎ᠡ ᠲᠥᠷᠥᠯ ᠤᠨ ᠦᠶᠯᠡ ᠠᠵᠢᠯᠯᠠᠭ᠎ᠠ ᠶᠢ  ᠡᠷᠡᠰ ᠴᠡᠭᠡᠷᠯᠡᠨ᠂ ᠪᠣᠯᠪᠠᠰᠤᠨ  ᠰᠠᠶᠢᠬᠠᠨ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠬᠦᠰᠡᠵᠦ ᠪᠠᠶᠢᠨ᠎ᠠ︾ ᠭᠡᠵᠦ  ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠳᠡᠳ᠋ ᠳᠠᠷᠤᠭ᠎ᠠ ᠰᠢᠦᠢ ᠵᠢᠶᠠᠨ ᠾᠧ ᠵᠢᠯᠣᠭᠤᠴᠢ ᠪᠠ ᠠᠶᠠᠨᠴᠢᠳ ᠲᠤ ᠰᠠᠨᠠᠭᠤᠯᠤᠨ᠎ᠠ᠃         ᠳᠠᠷᠠᠭᠠᠴᠢ ᠶᠢᠨ ᠠᠯᠬᠤᠮ ᠳᠤ᠂  ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ  ᠲᠤᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠤᠬᠠᠭᠤᠯᠭ᠎ᠠ ᠶᠢᠨ ᠡᠷᠴᠢᠮ ᠪᠠ  ᠬᠠᠮᠢᠶᠠᠷᠤᠯᠳᠠ  ᠶᠢᠨ  ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠣᠰᠣᠭᠠᠷ  ᠠᠶᠤᠯᠬᠦᠢ ᠪᠦᠰᠡ ᠪᠦᠰᠡᠯᠡᠬᠦ ᠦᠭᠡᠢ᠂ ᠠᠶᠤᠯᠬᠦᠢ ᠳᠤᠭᠤᠯᠠᠭ᠎ᠠ  ᠡᠮᠦᠰᠬᠦ ᠦᠭᠡᠢ᠂  ᠴᠢᠭᠯᠡᠯ ᠰᠦᠷᠴᠦ ᠠᠶᠠᠯᠠᠬᠤ ᠵᠡᠷᠭᠡ ᠬᠠᠤᠯᠢ  ᠲᠦᠷᠢᠮ ᠵᠥᠷᠢᠴᠡᠭᠰᠡᠨ ᠠᠵᠢᠯᠯᠠᠭ᠎ᠠ   ᠶᠢ ᠢᠯᠡᠴᠢᠯᠡᠬᠦ ᠵᠡᠷᠭᠡ ᠣᠯᠠᠨ ᠵᠦᠢᠯ ᠤᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠨᠢᠭᠡ ᠤᠳᠠᠭ᠎ᠠ ᠰᠢᠳᠬᠡᠨ ᠲᠤᠷᠭᠠᠪᠠᠯ ᠨᠢᠭᠡ ᠪᠦᠯᠦᠭ ᠢ ᠰᠤᠷᠭᠠᠨ ᠬᠦᠮᠦᠵᠢᠬᠦᠯᠬᠦ ᠪᠠᠷ ᠴᠢᠷᠮᠠᠶᠢᠨ᠂ ᠵᠠᠮ ᠬᠠᠷᠢᠯᠴᠠᠭᠠᠨ ᠤ ᠬᠠᠤᠯᠢ  ᠲᠦᠷᠢᠮ ᠵᠥᠷᠢᠴᠡᠭᠰᠡᠨ ᠡᠯ᠎ᠡ ᠵᠦᠢᠯ ᠤᠨ ᠦᠢᠯᠡ ᠠᠵᠢᠯᠯᠠᠭ᠎ᠠ ᠶᠢ ᠪᠦᠲᠦᠮᠵᠢᠲᠡᠶ ᠪᠠᠷ ᠰᠡᠷᠭᠡᠶᠢᠯᠡᠨ ᠪᠠᠭᠠᠰᠬᠠᠵᠤ᠂ ᠵᠠᠮ ᠬᠠᠷᠢᠯᠴᠠᠭᠠᠨ ᠤ ᠤᠰᠤᠯ ᠠᠳᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠤᠭᠴᠠᠯᠠᠨ᠂  ᠰᠢᠯᠢᠳᠡᠭ ᠰᠠᠶᠢᠨ ᠵᠠᠮ ᠬᠠᠷᠢᠯᠴᠠᠭᠠᠨ ᠤ ᠣᠷᠴᠢᠨ ᠨᠥᠬᠦᠴᠡᠯ  ᠢ ᠪᠤᠢ ᠪᠤᠯᠭᠠᠬᠤ ᠪᠠᠷ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号