ᠬᠦᠨᠪᠤᠯᠠᠭ ᠰᠤᠮᠤ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2022/10/19
   10 ᠰᠠᠷ᠎ᠠ ᠶᠢᠨ 17  ᠤ ᠡᠳᠦᠷ᠂  ᠬᠦᠨᠪᠤᠯᠠᠭ ᠰᠤᠮᠤ 2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ  ᠬᠤᠷᠠᠯᠳᠤᠭᠤᠯᠵᠤ᠂  ᠰᠤᠮᠤᠨ ᠤ ᠤᠳᠤᠷᠢᠳᠬᠤ ᠪᠠᠭ ᠤᠨ ᠭᠡᠰᠢᠬᠦᠳ᠂ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠬᠦᠳ᠂ ᠡᠯ᠎ᠡ ᠭᠠᠴᠠᠭᠠᠨ ᠤ ᠨᠠᠮ ᠤᠨ ᠡᠬᠦᠷ ᠤᠨ ᠱᠦᠵᠢ ᠬᠤᠷᠠᠯ ᠳᠤ ᠤᠷᠤᠯᠴᠠᠪᠠ᠃ ᠳᠡᠳ᠋ ᠰᠤᠮᠤᠨ ᠳᠠᠷᠤᠭ᠎ᠠ ᠤᠷᠴᠠᠶᠢᠬᠤ ᠠᠴᠠ ︽ᠪᠦᠬᠦ ᠠᠶᠢᠮᠠᠭ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠱᠠᠭᠠᠷᠳᠠᠨ ᠪᠠᠶᠢᠴᠠᠭᠠᠬᠤ ᠠᠵᠢᠯ ᠤᠨ  ᠲᠦᠰᠦᠪ︾᠂ ︽ ᠲᠠᠶᠢᠹᠤᠰᠧ ᠬᠤᠰᠢᠭᠤᠨ ᠤ 2022 ᠣᠨ ᠤ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠬᠤᠶᠠᠳᠤᠭᠠᠷ ᠡᠭᠡᠯᠵᠢ ᠶᠢᠨ ᠪᠠᠶᠢᠴᠠᠭᠠᠯᠳᠠ ᠪᠠ  ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠮᠡᠳᠡᠭᠡ ᠵᠠᠩᠭᠢ ᠶᠢ ᠴᠤᠭᠯᠠᠭᠤᠯᠬᠤ ᠠᠵᠢᠯ ᠤᠨ ᠲᠦᠰᠦᠪ︾  ᠤᠨ ᠲᠤᠬᠠᠢ ᠨᠠᠷᠢᠨ ᠲᠠᠶᠢᠯᠤᠮᠵᠢ ᠬᠢᠭᠰᠡᠨ ᠤ ᠬᠠᠮᠲᠤ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠶᠢᠨ ᠴᠢᠬᠤᠯᠠ ᠴᠢᠨᠠᠷ ᠢ ᠭᠦᠢᠴᠡᠳ ᠲᠠᠨᠢᠨ᠂ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠲᠦᠷᠦᠯ ᠤᠨ ᠠᠵᠢᠯ ᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃ ᠠᠯᠮᠠᠶᠢᠷᠠᠵᠤ ᠰᠤᠯᠠᠷᠠᠬᠤ ᠰᠡᠳᠬᠢᠯᠭᠡ ᠶᠢ ᠡᠷᠡᠰ  ᠲᠡᠪᠴᠢᠨ᠂ ᠳᠡᠭᠡᠳᠦ ᠱᠠᠲᠤᠨ ᠤ ᠠᠵᠢᠯ ᠤᠨ ᠱᠠᠭᠠᠷᠳᠠᠯᠭ᠎ᠠ ᠶᠢ ᠴᠢᠩᠭ᠎ᠠ  ᠵᠢᠷᠤᠮᠯᠠᠵᠤ᠂  ᠪᠠᠶᠢᠴᠠᠭᠠᠯᠳᠠ ᠰᠢᠯᠭᠠᠯᠳᠠ ᠶᠢ ᠤᠭᠲᠤᠬᠤ ᠡᠯ᠎ᠡ  ᠲᠦᠷᠦᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃  ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂  ᠶᠡᠭᠡ ᠲᠠᠯ᠎ᠠ ᠶᠢᠨ ᠤᠬᠠᠮᠰᠠᠷ ᠢ ᠴᠢᠩᠭᠠᠳᠬᠠᠨ᠂  ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠰᠠᠭᠤᠳᠠᠯ ᠢ ᠡᠷᠢᠵᠦ᠂ ᠰᠡᠳᠬᠢᠴᠡ ᠪᠠᠨ ᠲᠣᠳᠣᠷᠬᠠᠶᠢᠯᠠᠵᠤ᠂ ᠴᠠᠭ ᠢ ᠵᠠᠪᠳᠤᠵᠤ᠂ ᠠᠬᠢᠴᠠ ᠶᠢ ᠠᠳᠬᠤᠵᠤ᠂  ᠴᠢᠨᠠᠷ ᠢ ᠰᠠᠶᠢᠵᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠲᠦᠷᠦᠯ ᠤᠨ ᠠᠵᠢᠯ ᠤᠨ ᠴᠢᠨᠠᠷ ᠰᠠᠶᠢᠲᠠᠢ ᠪᠡᠶᠡᠯᠡᠭᠳᠡᠬᠦ ᠶᠢ ᠪᠠᠲᠤᠯᠠᠬᠤ ᠬᠡᠷᠡᠭᠲᠡᠢ᠃   ᠱᠠᠭᠠᠷᠳᠠᠨ ᠪᠠᠶᠢᠴᠠᠭᠠᠬᠤ ᠶᠢ ᠤᠭᠲᠤᠬᠤ ᠪᠠᠷ ᠠᠵᠠ ᠲᠣᠬᠢᠶᠠᠯ ᠪᠣᠯᠭᠠᠵᠤ᠂ ᠦᠵᠡᠯ ᠰᠠᠨᠠᠭᠠᠨ ᠤ ᠤᠬᠠᠮᠰᠠᠷ ᠪᠣᠯᠣᠨ  ᠦᠢᠯᠡ  ᠠᠵᠢᠯᠯᠠᠭᠠᠨ ᠤ ᠤᠬᠠᠮᠰᠠᠷ ᠢᠶᠠᠨ ᠦᠨᠡᠨᠬᠦ ᠴᠢᠩᠭᠠᠳᠬᠠᠨ᠂  ᠡᠯ᠎ᠡ  ᠲᠦᠷᠦᠯ ᠤᠨ ᠠᠵᠢᠯ ᠤᠨ  ᠲᠤᠬᠢᠷᠠᠭᠤᠯᠤᠯᠳᠠ ᠲᠠᠢ᠂ ᠪᠠᠶᠢᠷᠢᠯᠠᠭᠤᠯᠤᠯᠲᠠ ᠲᠠᠢ  ᠨᠠᠶᠢᠳᠠᠪᠤᠷᠢᠵᠢᠭᠤᠯᠤᠯᠲᠠ ᠲᠠᠢ᠂  ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠵᠤ᠂  ᠪᠦᠬᠦ ᠰᠤᠮᠤᠨ ᠤ ᠪᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号