ᠲᠠᠶᠢᠹᠤᠰᠧ ᠬᠤᠰᠢᠭᠤ ᠲᠣᠰᠣ ᠨᠡᠮᠡᠬᠦ ᠥᠷᠲᠡᠭᠡᠨ ᠤ ᠬᠢᠵᠢᠭ ᠰᠡᠷᠭᠡᠶᠢᠯᠡᠬᠦ ᠪᠠᠶᠢᠴᠠᠭᠠᠯᠲᠠ ᠶᠢ ᠦᠷᠭᠦᠯᠵᠢᠯᠡᠨ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2022/10/20
   ᠬᠢᠵᠢᠭ ᠰᠡᠷᠭᠡᠶᠢᠯᠡᠬᠦ ᠠᠵᠢᠯ ᠢ ᠤᠯᠠᠮ ᠰᠠᠶᠢᠨ ᠬᠢᠵᠦ᠂ ᠬᠠᠯᠳᠠᠪᠤᠷᠢ ᠶᠢᠨ ᠲᠦᠭᠰᠢᠭᠦᠷᠢ ᠶᠢ ᠴᠠᠭ ᠲᠤᠬᠠᠢ ᠳᠤᠨᠢ ᠢᠯᠡᠷᠡᠬᠦᠯᠬᠦ ᠶᠢᠨ ᠲᠥᠯᠥᠭᠡ᠂ 10 ᠰᠠᠷ᠎ᠠ ᠶᠢᠨ 18 ᠤ ᠡᠳᠦᠷ ᠠᠴᠠ 19 ᠤ ᠡᠳᠦᠷ ᠪᠣᠯᠲᠠᠯ᠎ᠠ  ᠲᠠᠶᠢᠹᠤᠰᠧ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠠᠮᠳᠤᠷᠠᠭᠰᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠠᠷᠢᠶ᠎ᠠ ᠣᠷᠣᠨ ᠤ ᠪᠠᠨ ᠲᠣᠰᠣ ᠨᠡᠮᠡᠬᠦ ᠥᠷᠲᠡᠭᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠳᠠᠬᠢᠨᠲᠠ ᠪᠠᠶᠢᠴᠠᠭᠠᠯᠳᠠ ᠬᠢᠵᠡᠢ  ᠃  ᠡᠨᠡ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠳᠤ 10 ᠠᠵᠢᠯᠳᠠᠨ  2 ᠲᠡᠷᠭᠡ ᠲᠠᠢ ᠭᠠᠷᠴᠤ᠂  22 ᠡᠷᠦᠬᠡ ᠲᠣᠰᠣ ᠨᠡᠮᠡᠬᠦ ᠥᠷᠲᠡᠭᠡ ᠳᠤ ᠬᠦᠨᠵᠡᠬᠡᠶᠢᠷᠡᠨ᠂ ᠦᠷᠳᠡᠭᠡ ᠳᠤ ᠣᠷᠣᠭᠰᠠᠳ ᠢ ᠺᠣᠳ᠋ ᠰᠢᠷᠪᠢᠬᠦᠯᠵᠦ ᠲᠠᠩᠰᠠᠯᠠᠭᠰᠠᠨ ᠡᠰᠡᠬᠦ᠂  ᠪᠡᠶ᠎ᠡ ᠶᠢᠨ ᠬᠠᠯᠠᠭᠤᠨ ᠢ  ᠬᠡᠮᠵᠢᠭᠰᠡᠨ ᠡᠰᠡᠬᠦ᠂  ᠠᠵᠢᠯᠳᠠᠳ ᠠᠮᠠᠪᠴᠢ ᠵᠡᠭᠦᠭᠰᠡᠨ ᠡᠰᠡᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠠᠷᠭ᠎ᠠ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ  ᠳᠤ ᠭᠤᠣᠯᠳᠠᠯᠭ᠎ᠠ ᠲᠠᠢ ᠪᠠᠶᠢᠴᠠᠭᠠᠯᠳᠠ ᠬᠢᠵᠦ᠂ ᠪᠠᠶᠢᠴᠠᠭᠠᠯᠲᠠ ᠶᠢᠨ ᠳᠤᠮᠳᠠ ᠬᠢᠵᠢᠭ ᠰᠡᠷᠭᠡᠶᠢᠯᠡᠬᠦ  ᠭᠤᠤᠯ ᠴᠣᠭᠴᠠ ᠶᠢᠨ ᠬᠠᠷᠢᠭᠤᠴᠠᠯᠭ᠎ᠠ  ᠶᠢ ᠨᠠᠶᠢᠳᠠᠪᠤᠷᠢᠵᠢᠭᠤᠯᠤᠭᠰᠠᠨ ᠦᠭᠡᠢ᠂   ᠺᠣᠳ᠋ ᠰᠢᠷᠪᠢᠵᠦ ᠲᠠᠩᠰᠠᠯᠠᠭᠰᠠᠨ ᠨᠣᠷᠮ᠎ᠠ ᠨᠢ ᠳᠣᠣᠷ᠎ᠠ᠂ ᠠᠮᠠᠪᠴᠢ ᠵᠡᠭᠦᠬᠦ ᠶᠢ  ᠲᠦᠷᠢᠮᠵᠢᠬᠦᠯᠦᠭᠰᠡᠨ ᠦᠭᠡᠢ ᠵᠡᠷᠭᠡ ᠪᠠᠶᠢᠳᠠᠯ ᠢᠯᠡᠷᠡᠭᠰᠡᠨ  4 ᠡᠷᠦᠬᠡ ᠲᠣᠰᠣ ᠨᠡᠮᠡᠬᠦ ᠥᠷᠲᠡᠭᠡ ᠶᠢ ᠲᠡᠷᠡ  ᠲᠤᠤᠷ᠎ᠠ ᠨᠢ ᠠᠵᠢᠯ ᠢ ᠨᠢ ᠵᠣᠭᠰᠣᠭᠠᠨ ᠴᠡᠭᠴᠡᠯᠡᠯᠳᠡ ᠬᠢᠭᠰᠡᠨ ᠪᠦᠭᠡᠳ ᠳᠠᠯᠳᠠ ᠬᠡᠮ ᠣᠷᠣᠰᠢᠵᠤ ᠪᠠᠶᠢᠭ᠎ᠠ 11 ᠡᠷᠦᠬᠡ ᠲᠣᠰᠣ ᠨᠡᠮᠡᠬᠦ ᠥᠷᠲᠡᠭᠡ ᠳᠤ  ᠲᠤᠭᠳᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠪᠠᠭᠤᠯᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠦᠭᠡᠢ ᠦᠶᠯᠡ ᠠᠵᠢᠯᠯᠠᠭ᠎ᠠ ᠶᠢ ᠡᠷᠡᠰ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠥᠨᠴᠥᠭ ᠪᠤᠯᠤᠩ ᠦᠭᠡᠢ᠂ ᠪᠠᠯᠠᠢ ᠴᠡᠭ ᠦᠭᠡᠢ᠂    ᠤᠰᠤᠯ ᠠᠯᠳᠠᠰᠢ ᠦᠭᠡᠢ ᠪᠠᠶᠢᠬᠤ ᠶᠢ ᠦᠨᠡᠨ ᠬᠦ ᠪᠠᠳᠤᠯᠠᠬᠤ ᠪᠠᠷ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号