ᠲᠠᠶᠢᠹᠤᠰᠧ ᠬᠤᠰᠢᠭᠤᠨ ᠤ ᠠᠩᠬᠠᠳᠠᠭᠴᠢ ︽  ᠡᠮᠨᠡᠯᠭᠡ ᠶᠢᠨ ᠪᠠᠳᠤᠯᠠᠭᠠᠨ ᠤ ᠦᠢᠯᠡᠴᠢᠯᠡᠭᠡᠨ ᠤ ᠥᠷᠲᠡᠭᠡ︾ ᠲᠠᠷᠢᠶᠠᠯᠠᠩ ᠤᠨ ᠪᠠᠩᠬᠢ ᠳᠤ ᠵᠢᠩᠬᠢᠨᠢ ᠪᠠᠷ ᠨᠤᠲᠤᠭᠰᠢᠪᠠ
ᠨᠡᠶᠢᠲᠡᠯᠡᠭᠰᠡᠨ ᠴᠠᠭ᠄
2022/10/20
   ᠡᠮᠨᠡᠯᠭᠡ ᠶᠢᠨ ᠪᠠᠳᠤᠯᠠᠭᠠᠨ ᠤ ᠬᠦᠷᠢᠶ᠎ᠡ ᠴᠠᠷᠠᠭ᠎ᠠ ᠳᠠᠬᠢ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠬᠦᠯᠵᠦ᠂  ᠡᠮᠨᠡᠯᠭᠡ ᠶᠢᠨ ᠪᠠᠳᠤᠯᠠᠭᠠᠨ ᠤ ᠲᠤᠬᠠᠶᠢᠯᠠᠭᠰᠠᠨ ᠠᠵᠢᠯ ᠢ ︽ᠣᠶᠢᠷ᠎ᠠ ᠬᠠᠪᠢ ᠳᠠᠭᠠᠨ ᠭᠦᠢᠴᠡᠳᠬᠡᠬᠦ︾᠂ ︽ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠠᠬᠢᠭᠤᠯᠬᠤ ᠶᠢᠨ ᠲᠦᠯᠦᠭᠡ᠂  10 ᠰᠠᠷ᠎ᠠ ᠶᠢᠨ 19 ᠤ ᠡᠳᠦᠷ  ᠲᠠᠶᠢᠹᠤᠰᠧ ᠬᠤᠰᠢᠭᠤᠨ ᠤ ᠡᠮᠨᠡᠯᠭᠡ ᠶᠢᠨ ᠪᠠᠳᠤᠯᠠᠭᠠᠨ ᠤ ᠲᠣᠪᠴᠢᠶ᠎ᠠ ᠨᠢ ᠲᠠᠷᠢᠶᠠᠯᠠᠩ ᠤᠨ ᠪᠠᠩᠬᠢ ᠶᠢᠨ  ᠲᠠᠶᠢᠹᠤᠰᠧ ᠬᠤᠰᠢᠭᠤᠨ ᠤ ᠰᠠᠯᠪᠤᠷᠢ ᠪᠠᠩᠬᠢ ᠶᠢᠨ ︽ ᠡᠮᠨᠡᠯᠭᠡ ᠶᠢᠨ ᠪᠠᠳᠤᠯᠠᠭᠠᠨ ᠤ ᠦᠢᠯᠡᠴᠢᠯᠡᠭᠡᠨ ᠤ ᠥᠷᠲᠡᠭᠡ︾ ᠳᠤ ᠫᠠᠶᠢᠰᠠ ᠢᠯᠡᠷᠭᠡᠶᠢᠯᠡᠯ ᠣᠯᠭᠤᠵᠤ᠂ ᠲᠠᠷᠢᠶᠠᠯᠠᠩ ᠤᠨ ᠪᠠᠩᠬᠢ ᠶᠢᠨ ᠬᠠᠮᠤᠷᠬᠤ ᠬᠡᠪᠴᠢᠶ᠎ᠡ ᠶᠡᠭᠡ᠂ ᠰᠢᠨᠵᠢᠯᠡᠭᠡ ᠮᠡᠷᠭᠡᠵᠢᠯ ᠬᠥᠭᠵᠢᠭᠰᠡᠨ ᠵᠡᠷᠭᠡ ᠳᠠᠪᠠᠭᠤᠯᠢᠭ ᠢ ᠠᠰᠢᠭᠯᠠᠨ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠢ ᠭᠦᠢᠴᠡᠳᠬᠡᠬᠦ ᠳᠤ ᠲᠥᠬᠦᠮ ᠦᠵᠡᠬᠦᠯᠬᠦ ︽ᠬᠥᠭᠦᠷᠭᠡ︾ ᠶᠢ ᠪᠠᠶᠢᠭᠤᠯᠪᠠ᠃  ᠦᠢᠯᠡᠴᠢᠯᠡᠭᠡᠨ ᠤ ᠥᠷᠲᠡᠭᠡ ᠶᠢᠨ ᠲᠤᠬᠠᠶᠢᠯᠠᠭᠰᠠᠨ ᠠᠵᠢᠯ ᠢ ᠰᠠᠶᠢᠲᠤᠷ ᠤᠬᠠᠭᠤᠯᠬᠤ ᠶᠢᠨ ᠲᠥᠯᠥᠭᠡ᠂ ᠲᠠᠷᠢᠶᠠᠯᠠᠩ ᠤᠨ ᠪᠠᠩᠬᠢ ᠨᠢ ᠡᠯ᠎ᠡ ᠰᠠᠯᠪᠤᠷᠢ ᠴᠡᠭ ᠲᠤ ︽ᠡᠮᠨᠡᠯᠭᠡ ᠶᠢᠨ ᠪᠠᠳᠤᠯᠠᠭᠠᠨ  ᠤ ᠦᠢᠯᠡᠴᠢᠯᠡᠭᠡᠨ ᠤ ᠥᠷᠲᠡᠭᠡ︾ ᠭᠠᠷᠭᠠᠵᠤ᠂ ᠦᠢᠯᠡᠴᠢᠯᠡᠭᠡᠨ ᠤ ᠲᠤᠰᠬᠠᠢ ᠯᠠᠩᠭᠦᠢ ᠲᠤᠬᠢᠷᠠᠭᠤᠯᠤᠭᠰᠠᠨ ᠪᠦᠭᠡᠳ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ  ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠳᠠᠩᠰᠠᠯᠠᠬᠤ᠂ ᠡᠮᠨᠡᠭᠦᠯᠦᠭᠰᠡᠨ ᠲᠡᠮᠳᠡᠭᠯᠡᠯ ᠢ ᠪᠠᠶᠢᠴᠠᠭᠠᠨ ᠯᠠᠪᠯᠠᠵᠤ ᠳᠠᠷᠤᠮᠠᠯᠯᠠᠬᠤ ᠵᠡᠷᠭᠡ 16 ᠲᠦᠷᠦᠯ ᠤᠨ ᠥᠨᠳᠥᠷ ᠳᠠᠪᠲᠠᠮᠵᠢᠲᠤ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠥᠷᠭᠡᠨ ᠢᠶᠠᠷ ᠤᠬᠠᠭᠤᠯᠵᠤ᠂  ᠲᠦᠷᠦ ᠶᠢᠨ ᠪᠣᠳᠣᠯᠭ᠎ᠠ ᠶᠢᠨ ᠯᠠᠪᠯᠠᠯᠳᠠ ᠬᠠᠩᠭᠠᠬᠤ᠂ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠵᠡᠷᠭᠡ  ᠡᠮᠨᠡᠯᠭᠡ ᠶᠢᠨ ᠪᠠᠳᠤᠯᠠᠭᠠᠨ ᠤ ᠦᠢᠯᠡᠴᠢᠯᠡᠭᠡ ᠬᠠᠩᠭᠠᠵᠤ᠂   ᠠᠷᠠᠳ ᠢᠷᠭᠡᠳ ᠤᠨ ᠭᠡᠷ ᠠᠴᠠ ᠬᠠᠮᠤᠭ ᠤᠶᠢᠷ᠎ᠠ ᠪᠠᠶᠢᠭ᠎ᠠ ᠲᠠᠷᠢᠶᠠᠯᠠᠩ ᠤᠨ ᠪᠠᠩᠬᠢ ᠶᠢᠨ ᠰᠠᠯᠪᠤᠷᠢ ᠴᠡᠭ ᠲᠤ ᠬᠦᠷᠴᠦ ᠡᠮᠨᠡᠯᠭᠡ ᠶᠢᠨ ᠳᠠᠭᠠᠳᠬᠠᠯ ᠤᠨ ᠬᠦᠢᠴᠡᠳᠭᠡᠯ ᠬᠢᠬᠦ ᠳᠤ ᠳᠥᠭᠦᠮ ᠦᠵᠡᠬᠦᠯᠵᠡᠢ᠃ ᠡᠨᠡ ᠵᠢᠯ ᠠᠴᠠ ᠨᠠᠰᠢ᠂ ᠲᠠᠷᠢᠶᠠᠯᠠᠩ ᠤᠨ ᠪᠠᠩᠬᠢ ᠨᠢ ᠨᠡᠶᠢᠭᠡᠮ ᠤᠨ ᠳᠠᠭᠠᠳᠬᠠᠯ ᠤᠨ ᠺᠠᠷᠲ ᠢ ᠣᠷᠣᠯᠠᠨ ᠲᠠᠷᠬᠠᠭᠠᠬᠤ᠂ ᠴᠡᠷᠢᠭ ᠠᠴᠠ ᠬᠠᠯᠠᠭᠳᠠᠭᠰᠠᠳ ᠤᠨ ᠬᠠᠷᠠᠭᠠᠯᠵᠠᠯ ᠤᠨ ᠦᠨᠡᠮᠯᠡᠯ ᠢ ᠭᠦᠢᠴᠡᠳᠬᠡᠬᠦ᠂ ᠲᠦᠭᠡᠭᠡᠯ ᠤᠰᠤᠨ ᠤ ᠰᠦᠢᠳᠬᠡᠯ ᠲᠤᠰᠢᠶᠠᠬᠤ ᠲᠥᠬᠦᠭᠡᠷᠦᠮᠵᠢ ᠶᠢ ᠤᠭᠰᠠᠷᠠᠬᠤ ᠵᠡᠷᠭᠡ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠲᠠᠯ᠎ᠠ ᠪᠠᠷ ᠬᠦᠴᠦ ᠤᠷᠤᠭᠤᠯᠵᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠦᠴᠦᠨ ᠴᠢᠳᠠᠯ ᠢᠶᠠᠨ ᠡᠷᠬᠦᠵᠦ ᠢᠷᠡᠭᠰᠡᠨ ᠪᠤᠯ᠂ ᠡᠨᠡ ᠤᠳᠠᠭᠠᠨ ᠤ ︽ᠡᠮᠨᠡᠯᠭᠡ ᠶᠢᠨ ᠪᠠᠳᠤᠯᠠᠭᠠᠨ ᠤ ᠦᠢᠯᠡᠴᠢᠯᠡᠭᠡᠨ ᠤ ᠥᠷᠲᠡᠭᠡ︾  ᠶᠢ ᠪᠠᠶᠢᠭᠤᠯᠤᠭᠳᠠᠭᠰᠠᠨ ᠶᠠᠪᠤᠳᠠᠯ ᠨᠢ ᠲᠠᠷᠢᠶᠠᠯᠠᠩ ᠤᠨ ᠪᠠᠩᠬᠢ ᠶᠢᠨ ᠬᠠᠷᠢᠭᠤᠴᠠᠯᠭ᠎ᠠ ᠪᠠ ᠡᠭᠦᠷᠭᠡᠯᠡᠯ ᠢ ᠲᠠᠬᠢᠨᠳᠠ ᠢᠯᠡᠷᠡᠭᠦᠯᠵᠦ᠂  ︽ᠨᠢᠭᠡ ᠡᠭᠦᠳᠡ ᠪᠠᠷ ᠣᠷᠣᠵᠤ᠂ ᠬᠤᠶᠠᠷ ᠶᠠᠪᠤᠳᠠᠯ ᠢ ᠪᠦᠲᠦᠭᠡᠬᠦ︾ ᠲᠥᠬᠦᠮ  ᠦᠢᠯᠡᠴᠢᠯᠡᠭᠡ ᠶᠢ ᠠᠷᠠᠳ ᠤᠯᠠᠨ ᠳᠤ ᠬᠠᠩᠭᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号