ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠢᠨ ᠲᠠᠶᠢᠹᠤᠰᠧ ᠬᠤᠰᠢᠭᠤᠨ ᠳᠤ ᠪᠠᠶᠢᠴᠠᠭᠠᠨ ᠵᠢᠯᠤᠭᠤᠳᠤᠭᠰᠠᠨ
ᠨᠡᠶᠢᠲᠡᠯᠡᠭᠰᠡᠨ ᠴᠠᠭ᠄
2022/10/20
   ᠡᠨᠡ ᠵᠢᠯ ᠠᠴᠠ ᠨᠠᠰᠢ᠂ ᠶᠦᠩ ᠹᠧᠩ ᠪᠠᠯᠭᠠᠰᠤ   ᠨᠢ ᠢᠳᠡᠪᠬᠢᠲᠡᠢ ᠪᠠᠷ ᠰᠡᠳᠬᠢᠴᠡ ᠪᠠᠨ ᠥᠷᠭᠡᠳᠬᠡᠵᠦ᠂ ᠠᠴᠢᠶᠠᠯᠠᠪᠤᠷᠢ ᠪᠠᠨ ᠰᠢᠨᠡᠴᠢᠯᠡᠨ᠂ ︽ᠨᠠᠮ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠣᠨ︾ ︽ᠵᠣᠬᠢᠶᠠᠨ ᠪᠠᠶᠢᠭᠤᠯᠤᠯᠲᠠ ᠶᠢ ᠳᠡᠭᠡᠭᠰᠢᠯᠡᠭᠦᠯᠬᠦ ᠣᠨ︾ ᠢᠶᠠᠷ ᠭᠠᠷᠳᠠᠴᠠ ᠪᠣᠯᠭᠠᠵᠤ᠂ ︽ᠪᠠᠯᠭᠠᠰᠤ   ᠶᠢ ᠠᠳᠬᠤᠵᠤ ᠲᠣᠰᠬᠤᠨ ᠢ ᠠᠬᠢᠭᠤᠯᠤᠨ ᠡᠷᠦᠬᠡ ᠶᠢ ᠳᠠᠶᠢᠴᠢᠯᠠᠬᠤ︾ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠢᠨᠵᠧᠨᠧᠷᠢᠩ ᠲᠠᠢ ᠤᠶᠠᠯᠳᠤᠭᠤᠯᠤᠨ᠂  ︽ᠬᠠᠮᠤᠭ ᠤᠨ ᠬᠦᠴᠦᠷᠬᠡᠭ ᠨᠠᠮ ᠤᠨ ᠡᠭᠦᠷ᠂ ᠲᠠᠪᠤᠨ ᠬᠦᠴᠦᠷᠬᠡᠭ ᠨᠠᠮ ᠤᠨ ᠵᠣᠬᠢᠶᠠᠨ ᠪᠠᠶᠢᠭᠤᠯᠤᠯᠲᠠ᠂  ᠲᠤᠤᠷᠵᠢᠭᠤᠯᠤᠯᠳᠠ᠂  ᠤᠳᠤᠵᠢᠭᠤᠯᠤᠯᠳᠠ︾   ᠶᠢ ᠵᠡᠷᠭᠡᠪᠡᠷ ᠠᠬᠢᠭᠤᠯᠵᠤ᠂  ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠠᠷᠢᠶᠠᠨ ᠭᠠᠵᠠᠷ ᠤᠨ ᠲᠦᠷᠦᠯ ᠵᠦᠢᠯ ᠤᠨ ᠲᠤᠷᠰᠢᠯᠲᠠ ᠪᠠᠷ ᠲᠠᠮᠵᠢᠭᠠᠳ᠂ ᠨᠡᠯᠢᠶᠡᠳ ᠰᠠᠶᠢᠨ ᠦᠷ᠎ᠡ ᠪᠦᠲᠦᠮᠵᠢ ᠣᠯᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ᠂ ᠦᠨᠳᠦᠰᠦᠨ ᠱᠠᠲᠤᠨ ᠤ ᠵᠠᠰᠠᠯᠲᠠ ᠶᠢᠨ ᠬᠢᠷᠢ ᠲᠦᠪᠰᠢᠨ ᠢ ᠪᠦᠲᠦᠮᠵᠢᠲᠡᠶ  ᠲᠡᠭᠡᠭᠰᠢᠯᠡᠬᠦᠯᠵᠦ ᠢᠷᠡᠭᠰᠡᠨ ᠪᠠᠶᠢᠨ᠎ᠠ᠃ 10 ᠰᠠᠷ᠎ᠠ ᠶᠢᠨ 18 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠤᠶᠠᠳᠤᠭᠠᠷ ᠰᠠᠯᠠᠭᠠᠨ ᠤ ᠳᠠᠷᠤᠭ᠎ᠠ ᠲᠢᠶᠠᠨ ᠳ᠋ᠦᠩ ᠳ᠋ᠦᠩ  ᠵᠡᠷᠭᠡ ᠬᠦᠮᠦᠰ ᠶᠦᠩ ᠹᠧᠩ ᠪᠠᠯᠭᠠᠰᠤᠨ ᠳᠤ ᠭᠦᠨᠵᠡᠭᠡᠶᠢᠷᠡᠵᠦ᠂ ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠠᠷᠢᠶᠠᠨ ᠭᠠᠵᠠᠷ ᠤᠨ ᠲᠥᠷᠥᠯ ᠵᠦᠢᠯ ᠤᠨ ᠠᠵᠢᠯ ᠢ ᠪᠠᠶᠢᠴᠠᠭᠠᠨ ᠰᠤᠳᠤᠯᠵᠦ ᠬᠢᠨᠠᠨ  ᠵᠢᠯᠤᠭᠤᠳᠴᠠᠢ᠃ ᠶᠠᠷᠢᠯᠴᠠᠬᠤ ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠰᠦᠨ ᠬᠠᠢ ᠹᠧᠩ ᠠᠴᠠ ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠠᠷᠢᠶᠠᠨ ᠭᠠᠵᠠᠷ ᠤᠨ ᠲᠦᠷᠦᠯ ᠵᠦᠢᠯ ᠤᠨ ᠠᠬᠢᠴᠠ ᠪᠦᠲᠦᠮᠵᠢ  ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ᠂ ᠠᠷᠭ᠎ᠠ  ᠪᠤᠳᠤᠯᠭ᠎ᠠ ᠶᠢᠨ ᠢᠶᠠᠨ ᠲᠤᠬᠠᠢ ᠬᠠᠷᠢᠭᠤ  ᠮᠡᠳᠡᠬᠦᠯᠦᠯᠳᠡ ᠬᠢᠭᠰᠡᠨ ᠪᠠᠶᠢᠨ᠎ᠠ᠃ ᠳᠠᠷᠠᠭ᠎ᠠ ᠨᠢ᠂  ᠪᠠᠶᠢᠴᠠᠭᠠᠨ ᠵᠢᠯᠤᠭᠤᠳᠬᠤ ᠳᠤᠭᠤᠶᠢᠯᠠᠩ ᠤᠨ ᠬᠢᠨ ᠠᠶᠢᠮᠠᠭ ᠤᠨ ᠲᠡᠰ ᠤᠨ ︽ᠲᠠᠪᠤᠨ ᠬᠦᠴᠦᠷᠬᠡᠭ︾ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠪᠤᠯᠬᠤ ᠰᠠᠨ ᠶᠦᠩ ᠲᠣᠰᠬᠤᠨ᠂ ᠠᠶᠢᠮᠠᠭ ᠤᠨ ᠲᠡᠰ ᠤᠨ ︽ᠬᠠᠮᠤᠭ ᠤᠨ ᠬᠦᠴᠦᠷᠬᠡᠭ ᠨᠠᠮ ᠤᠨ ᠡᠭᠦᠷ︾ ᠪᠣᠯᠬᠤ  ᠱᠠᠩ ᠫᠢ ᠹᠠᠩ ᠲᠣᠰᠬᠤᠨ ᠳᠤ ᠭᠦᠨᠵᠡᠭᠡᠶᠢᠷᠡᠵᠦ ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂  ᠲᠤᠰᠬᠤᠨ ᠤ ᠺᠠᠳ᠋ᠷ ᠲᠠᠢ  ᠨᠢᠭᠤᠷᠳᠠᠨ ᠶᠠᠷᠢᠯᠴᠠᠬᠤ᠂ ᠳᠠᠩᠰᠠ ᠡᠪᠬᠡᠮᠡᠯ ᠢ ᠪᠠᠶᠢᠴᠠᠭᠠᠨ ᠦᠵᠡᠬᠦ  ᠬᠡᠯᠪᠡᠷᠢ ᠪᠠᠷ ᠦᠨᠳᠦᠰᠦᠨ ᠱᠠᠲᠤᠨ ᠤ  ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠠᠷᠢᠶᠠᠨ ᠭᠠᠵᠠᠷ ᠤᠨ ᠲᠦᠷᠦᠯ ᠵᠦᠢᠯ ᠤᠨ ᠪᠣᠳᠠᠲᠠᠢ ᠠᠵᠢᠯ ᠳᠤ ᠪᠦᠬᠦ ᠲᠠᠯ᠎ᠠ ᠶᠢᠨ ᠨᠠᠷᠢᠨ ᠨᠢᠭᠲᠠ ᠪᠠᠶᠢᠴᠠᠭᠠᠨ ᠰᠤᠳᠤᠯᠤᠯᠲᠠ ᠬᠢᠵᠡᠢ᠃ ᠪᠠᠶᠢᠴᠠᠭᠠᠨ ᠵᠢᠯᠤᠭᠤᠳᠬᠤ ᠳᠤᠭᠤᠶᠢᠯᠠᠩ ᠠᠴᠠ᠂   ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠠᠷᠢᠶᠠᠨ ᠭᠠᠵᠠᠷ ᠤᠨ ᠲᠥᠷᠥᠯ ᠵᠦᠢᠯ ᠪᠣᠯ ᠪᠥᠬᠦ ᠠᠶᠢᠮᠠᠭ ᠤᠨ ︽ᠨᠠᠮ ᠤᠨ ᠪᠠᠶᠢᠭᠤᠯᠤᠯᠲᠠ ᠶᠢᠨ ᠠᠵᠢᠯ ᠢ ᠳᠡᠭᠡᠭᠰᠢᠯᠡᠭᠦᠯᠬᠦ ᠣᠨ︾ ︽ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ ᠶᠢ ᠳᠡᠭᠡᠭᠰᠢᠯᠡᠭᠦᠯᠬᠦ ᠣᠨ︾  ᠤ ᠠᠵᠢᠯ ᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠴᠢᠬᠤᠯᠠ ᠠᠭᠤᠯᠭ᠎ᠠ᠂  ᠮᠦᠨᠴᠦ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢᠨ ᠳᠣᠣᠷ᠎ᠠ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠬᠦᠴᠦᠨ᠂ ᠨᠢᠭᠲᠠᠷᠠᠯ ᠤᠨ ᠬᠦᠴᠦᠨ ᠪᠠ ᠦᠨᠳᠦᠰᠦᠨ ᠱᠠᠲᠤᠨ ᠤ ᠵᠠᠰᠠᠯᠲᠠ ᠶᠢ ᠤᠯᠠᠮ ᠴᠢᠨᠠᠭᠰᠢᠳᠠ ᠰᠦᠪᠡᠭᠴᠢᠯᠡᠨ ᠳᠡᠭᠡᠭᠰᠢᠯᠡᠭᠦᠯᠬᠦ ᠶᠢᠨ ᠬᠦᠴᠦᠲᠡᠢ ᠭᠠᠷᠳᠠᠴᠠ ᠪᠠ ᠪᠦᠲᠦᠮᠵᠢᠲᠡᠶ ᠰᠦᠪᠡᠭᠴᠢᠯᠡᠯᠲᠡ ᠮᠥᠨ᠃ ᠪᠠᠯᠭᠠᠰᠤ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ  ᠨᠢ ᠡᠷᠭᠡᠪᠰᠢ ᠤᠯᠤᠰ ᠲᠦᠷᠦ ᠶᠢᠨ ᠵᠣᠭᠰᠣᠴᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠨ᠂  ᠡᠯ᠎ᠡ ᠱᠠᠲᠤᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠨᠳᠦᠰᠦᠨ ᠱᠠᠲᠤᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠵᠤ ᠪᠠᠶᠢᠭᠠᠳ᠂ ᠵᠣᠷᠢᠭᠲᠠᠢ ᠪᠠᠷ ᠰᠢᠨ᠎ᠡ ᠶᠢ ᠡᠬᠦᠳᠦᠨ᠂ ᠢᠳᠡᠪᠬᠢᠲᠡᠢ ᠬᠠᠶᠢᠨ ᠰᠦᠪᠡᠭᠴᠢᠯᠡᠵᠦ᠂  ᠪᠦᠲᠦᠮᠵᠢᠲᠡᠢ ᠠᠷᠭ᠎ᠠ ᠪᠠᠷᠢᠯ ᠢᠶᠠᠷ ᠲᠠᠮᠵᠢᠨ ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠠᠷᠢᠶᠠᠨ ᠭᠠᠵᠠᠷ ᠤᠨ ᠲᠦᠷᠦᠯ ᠵᠦᠢᠯ ᠢ ᠴᠢᠩᠭ᠎ᠠ ᠠᠳᠬᠤᠵᠤ ᠪᠤᠳᠠᠳᠠᠢ ᠠᠳᠬᠤᠵᠤ ᠪᠦᠲᠦᠮᠵᠢ  ᠲᠠᠢ ᠠᠳᠬᠤᠬᠤ ᠬᠡᠷᠡᠭᠲᠡᠢ᠃ ᠡᠭᠦᠨ ᠤ ᠬᠠᠮᠳᠤ᠂  ᠬᠦᠷᠦᠯᠴᠡᠬᠦ ᠦᠭᠡᠢ ᠲᠠᠯ᠎ᠠ ᠶᠢ ᠴᠠᠭ ᠲᠤᠬᠠᠢ ᠳᠤᠨᠢ ᠣᠯᠵᠤ ᠢᠯᠡᠷᠡᠬᠦᠯᠦᠨ᠂ ᠠᠷᠭ᠎ᠠ ᠲᠤᠷᠰᠢᠯᠭ᠎ᠠ  ᠪᠠᠨ ᠨᠢᠮᠪᠠᠢ ᠳ᠋ᠦᠩᠨᠡᠵᠦ᠂  ᠴᠢᠨᠠᠭᠰᠢᠳᠠ ᠲᠡᠯᠬᠡᠷᠡᠬᠦᠯᠬᠦ ᠠᠵᠢᠯ ᠢ  ᠰᠠᠶᠢᠨ ᠬᠢᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号