ᠲᠠᠶᠢᠹᠤᠰᠧ ᠬᠤᠰᠢᠭᠤ ᠬᠢᠵᠢᠭ ᠰᠡᠷᠭᠡᠶᠢᠯᠡᠯᠳᠡ ᠶᠢᠨ ᠪᠤᠭᠤᠮᠳᠠ ᠶᠢ ᠡᠷᠡᠰ ᠪᠠᠲᠤ ᠰᠠᠬᠢᠵᠤ ᠪᠠᠶᠢᠨ᠎ᠠ
ᠨᠡᠶᠢᠲᠡᠯᠡᠭᠰᠡᠨ ᠴᠠᠭ᠄
2022/10/20
 ᠵᠠᠮ ᠬᠠᠷᠢᠯᠴᠠᠭᠠᠨ ᠤ ᠪᠣᠭᠤᠮᠲᠠ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠰᠡᠷᠭᠡᠶᠢᠯᠡᠯᠲᠡ ᠶᠢᠨ ᠱᠤᠭᠤᠮ  ᠂  ᠠᠷᠠᠳ ᠲᠦᠮᠡᠨ ᠤ ᠡᠷᠡᠭᠦᠯ ᠮᠡᠨᠳᠦ ᠠᠮᠤᠷ ᠲᠦᠪᠰᠢᠨ ᠢ ᠬᠠᠮᠠᠭᠠᠯᠠᠬᠤ ︽ ᠲᠡᠷᠢᠬᠦᠨ ᠪᠣᠭᠤᠮᠲᠠ︾ ᠮᠥᠨ᠃  ᠲᠠᠶᠢᠹᠤᠰᠧ ᠬᠤᠰᠢᠭᠤᠨ ᠤ ᠬᠢᠨ ᠠᠷᠠᠳ ᠲᠦᠮᠡᠨ ᠢ ᠳᠡᠭᠡᠳᠦᠯᠡᠬᠦ ᠣᠶᠢᠯᠠᠭᠠᠭᠳᠠᠬᠤᠨ ᠢ ᠪᠠᠷᠢᠮᠳᠠᠯᠠᠵᠤ᠂  ᠵᠠᠮ ᠬᠠᠷᠢᠯᠴᠠᠭᠠᠨ ᠤ ᠪᠣᠭᠤᠮᠲᠠ ᠶᠢᠨ ᠰᠡᠷᠭᠡᠶᠢᠯᠡᠨ ᠡᠵᠡᠮᠳᠡᠬᠦ ᠠᠵᠢᠯ  ᠢ ᠴᠢᠩᠭᠠᠳᠬᠠᠨ᠂ ᠬᠢᠵᠢᠭ  ᠰᠡᠷᠭᠡᠶᠢᠯᠡᠯᠳᠡ ᠶᠢᠨ ᠲᠣᠣᠷ ᠢ ᠨᠢᠭᠲᠠ ᠰᠦᠯᠵᠢᠵᠦ᠂  ᠬᠢᠵᠢᠭ ᠰᠡᠷᠭᠡᠶᠢᠯᠡᠯᠲᠡ ᠶᠢᠨ ᠬᠠᠯᠬᠠᠪᠴᠢ ᠶᠢ ᠪᠠᠳᠤ ᠴᠤᠭᠴᠠᠯᠠᠵᠤ ᠪᠠᠶᠢᠨ᠎ᠠ᠃  ᠲᠤᠰ ᠬᠤᠰᠢᠭᠤᠨ ᠤ 31 ᠨᠡᠷ᠎ᠡ  ᠭᠠᠵᠠᠷ ᠤᠨ ᠲᠠᠰ ᠤᠨ ᠤᠳᠤᠷᠢᠳᠤᠯᠭ᠎ᠠ ᠵᠠᠮ ᠬᠠᠷᠢᠯᠴᠠᠭᠠᠨ ᠤ ᠪᠣᠭᠤᠮᠲᠠ ᠳᠤ ᠭᠦᠨᠵᠡᠭᠡᠶᠢᠷᠡᠨ ᠳᠠᠭᠠᠭᠤᠯᠤᠨ ᠵᠢᠵᠢᠭᠦᠷᠯᠡᠵᠦ᠂ 7 ᠨᠡᠷ᠎ᠡ ᠵᠢᠩᠬᠢᠨᠢ ᠰᠠᠯᠠᠭᠠᠨ ᠲᠠᠰ ᠤᠨ ᠺᠠᠳ᠋ᠷ ᠪᠣᠭᠤᠮᠲᠠ ᠶᠢᠨ ᠳᠠᠷᠤᠭ᠎ᠠ ᠶᠢᠨ ᠲᠤᠰᠢᠶᠠᠯ ᠢ  ᠡᠬᠦᠷᠭᠡᠯᠡᠨ᠂ ᠵᠠᠭᠤ ᠭᠠᠷᠤᠢ ᠺᠠᠳ᠋ᠷ ᠠᠵᠢᠯᠳᠠᠨ ᠵᠠᠮ ᠤᠨ ᠪᠤᠭᠤᠮᠳᠠ ᠲᠡᠭᠡᠷ᠎ᠡ ᠡᠭᠡᠯᠵᠢᠯᠡᠨ ᠵᠢᠵᠢᠭᠦᠷᠯᠡᠵᠦ ᠪᠠᠶᠢᠨ᠎ᠠ᠃ ᠳᠣᠲᠣᠭᠠᠳᠤ ᠶᠢ ᠬᠠᠮᠠᠭᠠᠯᠠᠬᠤ᠂  ᠵᠠᠮ ᠬᠠᠷᠢᠯᠴᠠᠭ᠎ᠠ᠂ ᠡᠮ ᠡᠮᠨᠡᠯᠭᠡ ᠵᠡᠷᠭᠡ ᠰᠠᠯᠠᠭ᠎ᠠ ᠮᠥᠴᠢᠷ ᠤᠨ ᠬᠢᠨ ᠡᠮᠦᠨ᠎ᠡ ᠹᠠᠷᠤᠨᠲ ᠳᠤ  ᠭᠠᠪᠰᠢᠭᠠᠶᠢᠯᠠᠨ᠂  ᠵᠠᠮ ᠬᠠᠷᠢᠯᠴᠠᠭᠠᠨ ᠤ ᠪᠣᠭᠤᠮᠲᠠ ᠶᠢ  24 ᠴᠠᠭ ᠢᠶᠠᠷ ᠬᠠᠮᠢᠶᠠᠷᠤᠨ ᠡᠵᠡᠮᠳᠡᠵᠦ᠂ 5 ᠲᠦᠷ ᠴᠠᠭ ᠤᠨ ᠨᠠᠮ ᠤᠨ ᠡᠭᠦᠷ ᠂ 400 ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ ᠠᠵᠢᠯ ᠤᠨ ᠪᠠᠶᠢᠷᠢ ᠨᠢ ᠭᠠᠯ ᠤᠯᠠᠭᠠᠨ ᠨᠠᠮ ᠤᠨ ᠲᠤᠭ ᠢ ᠬᠢᠵᠢᠭ  ᠰᠡᠷᠭᠡᠶᠢᠯᠡᠯᠳᠡ ᠶᠢᠨ ᠴᠢᠬᠤᠯᠠ ᠪᠣᠭᠤᠮᠲᠠ ᠳᠤ ᠥᠨᠳᠥᠷ  ᠨᠠᠮᠢᠷᠠᠭᠤᠯᠤᠨ᠂  ᠪᠠᠳᠤ ᠴᠢᠩᠭ᠎ᠠ ᠰᠡᠷᠭᠡᠶᠢᠯᠡᠨ ᠡᠵᠡᠮᠳᠡᠬᠦ ᠣᠷᠳᠣ ᠴᠠᠭᠠᠨ ᠬᠡᠷᠡᠮ ᠢ ᠪᠠᠶᠢᠭᠤᠯᠵᠤ᠂ ᠪᠥᠬᠦ ᠬᠤᠰᠢᠭᠤᠨ ᠤ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ  ᠪᠠᠳᠤᠯᠠᠵᠤ ᠪᠠᠶᠢᠨ᠎ᠠ᠃ ᠡᠭᠦᠨ ᠤ ᠬᠠᠮᠲᠤ᠂  ᠲᠤᠰ ᠬᠤᠰᠢᠭᠤ ᠨᠢ ᠡᠪᠡᠳᠴᠢᠨ ᠬᠢᠵᠢᠭ   ᠤᠨ ᠰᠡᠷᠭᠡᠶᠢᠯᠡᠯᠳᠡ ᠪᠠ ᠠᠵᠤ ᠠᠬᠤᠢ ᠶᠢᠨ ᠬᠥᠭᠵᠢᠯᠲᠡ  ᠶᠢ ︽ᠬᠤᠶᠠᠷ ᠲᠠᠯ᠎ᠠ  ᠪᠠᠷ ᠠᠳᠬᠤᠵᠤ᠂ ᠬᠤᠶᠠᠷ ᠲᠠᠯ᠎ᠠ  ᠶᠢ  ᠦᠯᠦ ᠰᠠᠭᠠᠲᠠᠭᠠᠬᠤ︾  ᠵᠠᠷᠴᠢᠮ ᠢ  ᠪᠠᠷᠢᠮᠳᠠᠯᠠᠨ᠂  ᠡᠮ ᠡᠮᠨᠡᠯᠭᠡ ᠶᠢᠨ ᠡᠳ᠋ ᠪᠣᠳᠠᠰ᠂ ᠦᠢᠯᠡᠳᠪᠦᠷᠢᠯᠡᠯ ᠠᠮᠢᠳᠤᠷᠠᠯ ᠤᠨ ᠡᠳ᠋ ᠪᠣᠳᠠᠰ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠡᠷᠡᠭᠰᠡᠯ ᠵᠡᠷᠭᠡ ᠡᠯ᠎ᠡ ᠲᠥᠷᠥᠯ ᠤᠨ ᠭᠤᠣᠯᠳᠠᠯᠭ᠎ᠠ ᠲᠠᠢ ᠡᠳ᠋ ᠪᠣᠳᠠᠰ ᠤᠨ ᠲᠡᠭᠡᠭᠡᠪᠦᠷᠢ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ︽ᠰᠠᠭᠠᠳ ᠦᠬᠡᠢ ᠨᠡᠪᠳᠡᠷᠡᠯᠭᠡ ᠶᠢ ᠪᠠᠲᠤᠯᠠᠬᠤ︾ ᠲᠥᠷᠥ ᠶᠢᠨ ᠪᠣᠳᠣᠯᠭ᠎ᠠ  ᠶᠢ ᠨᠠᠶᠢᠳᠠᠪᠤᠷᠢᠵᠢᠭᠤᠯᠤᠨ᠂ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠬᠠᠮᠠᠭᠠᠯᠠᠵᠤ᠂ ᠪᠥᠬᠦ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠤ ᠡᠷᠡᠭᠦᠯ ᠢᠶᠠᠷ ᠬᠥᠭᠵᠢᠬᠦ ᠶᠢ  ᠠᠬᠢᠭᠤᠯᠵᠤ ᠪᠠᠶᠢᠨᠠᠮ᠃ ᠬᠦᠨᠳᠦ ᠬᠡᠴᠡᠭᠦᠦ ᠬᠢᠵᠢᠭ ᠤᠨ ᠪᠠᠶᠢᠳᠠᠯ ᠤᠨ ᠡᠮᠦᠨ᠎ᠡ᠂  ᠡᠯ᠎ᠡ ᠱᠠᠲᠤᠨ ᠤ ᠤᠳᠤᠷᠢᠳᠬᠤ  ᠺᠠᠳ᠋ᠷᠴᠤᠳ ᠬᠢᠵᠢᠭ ᠰᠡᠷᠭᠡᠶᠢᠯᠡᠬᠦ ︽ᠡᠮᠦᠨ᠎ᠡ ᠬᠠᠷᠠᠭᠤᠯ︾ ᠢ ᠪᠠᠲᠤ ᠵᠤᠭᠰᠤᠵᠤ᠂ ᠬᠢᠵᠢᠭ ᠰᠡᠷᠭᠡᠶᠢᠯᠡᠬᠦ ᠨᠢᠭᠡᠳᠦᠭᠡᠷ ᠹᠷᠣᠨᠲ ᠲᠤ ᠬᠦᠨᠵᠡᠬᠡᠶᠢᠷᠡᠨ᠂ ᠵᠠᠮ ᠬᠠᠷᠢᠯᠴᠠᠭ᠎ᠠ᠂ ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠲᠠᠢ ᠬᠠᠮᠳᠤᠷᠠᠨ ᠲᠤᠰᠬᠠᠢ ᠠᠵᠢᠯᠯᠠᠬᠤ ᠠᠩᠭᠢ ᠤᠳ ᠢ ᠪᠠᠶᠢᠭᠤᠯᠵᠤ᠂  ᠤᠷᠤᠵᠤ ᠭᠠᠷᠬᠤ  ᠬᠦᠮᠦᠨ ᠬᠠᠷ᠎ᠠ  ᠲᠡᠷᠭᠡ ᠤᠨᠤᠭᠠᠨ ᠤ ᠮᠡᠳᠡᠭᠡ ᠵᠠᠩᠭᠢ ᠶᠢ  ᠳᠠᠩᠰᠠᠯᠠᠬᠤ᠂ ᠪᠡᠶ᠎ᠡ ᠶᠢᠨ ᠬᠠᠯᠠᠭᠤᠨ ᠢ ᠬᠡᠮᠵᠢᠬᠦ ᠵᠡᠷᠭᠡ ᠠᠵᠢᠯ ᠢ ᠨᠠᠷᠢᠨ ᠨᠢᠮᠪᠠᠢ ᠬᠢᠵᠦ᠂ 24 ᠴᠠᠭ  ᠠᠵᠢᠯ ᠤᠨ ᠪᠠᠶᠢᠷᠢ   ᠠᠴᠠ ᠪᠠᠨ ᠰᠠᠯᠬᠤ ᠦᠭᠡᠢ  ᠂  ᠨᠢᠭᠡ ᠲᠡᠷᠭᠡ ᠶᠢ ᠴᠦ ᠣᠷᠬᠢᠭᠳᠠᠭᠤᠯᠬᠤ ᠦᠭᠡᠢ᠂ ᠨᠢᠭᠡ ᠬᠥᠮᠥᠨ ᠢ ᠴᠦ ᠭᠡᠭᠡᠭᠳᠡᠬᠦᠯᠬᠦ  ᠦᠭᠡᠢ ᠪᠠᠶᠢᠬᠤ ᠶᠢ ᠪᠠᠲᠤᠯᠠᠨ᠂  ᠰᠢᠯᠢ ᠶᠢᠨ ᠭᠤᠣᠯ ᠠᠶᠢᠮᠠᠭ ᠤᠨ ᠡᠮᠦᠨ᠎ᠡ  ᠡᠭᠦᠳᠡ ᠶᠢ ᠡᠷᠡᠰ ᠪᠠᠲᠤ ᠰᠠᠬᠢᠵᠤ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号