ᠲᠠᠶᠢᠹᠤᠰᠧ ᠬᠤᠰᠢᠭᠤ ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠠᠵᠢᠯ ᠤᠨ ᠲᠤᠰᠬᠠᠢ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/10/20
10 ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠠᠵᠢᠯ ᠤᠨ ᠲᠤᠰᠬᠠᠢ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠵᠣᠣ ᠹᠧᠢ ᠫᠧᠩ ᠶᠠᠷᠢᠶᠠᠨ ᠳᠠᠭᠠᠨ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠡᠷᠬᠡᠪᠰᠢ ᠪᠡᠶ᠎ᠡ ᠪᠠᠷ ᠢᠶᠠᠨ ᠥᠯᠢᠭᠡᠷ ᠳᠠᠭᠤᠷᠢᠶᠠᠯ ᠦᠵᠡᠭᠦᠯᠵᠦ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠬᠠᠲᠠᠭᠤ ᠴᠢᠩᠭ᠎ᠠ ᠠᠷᠭ᠎ᠠ ᠬᠡᠮᠵᠢᠶ᠎ᠡ ᠠᠪᠴᠤ᠂ ᠢᠲᠡᠭᠡᠯ ᠵᠣᠷᠢᠭ ᠢᠶᠠᠨ ᠪᠠᠲᠤᠳᠬᠠᠨ᠂ ᠭᠤᠣᠯᠳᠠᠯᠭ᠎ᠠ ᠲᠠᠢ ᠲᠦᠷᠦᠯ ᠵᠦᠢᠯ  ᠤᠨ ᠴᠢᠨᠠᠷ ᠰᠠᠶᠢᠲᠠᠢ ᠠᠬᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠪᠠᠶᠢᠭᠤᠯᠵᠤ ᠪᠠᠶᠢᠭ᠎ᠠ ᠲᠦᠷᠦᠯ ᠵᠦᠢᠯ ᠪᠣᠯ ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠨ ᠠᠳᠬᠤᠵᠤ᠂ ᠠᠬᠢᠴᠠ ᠶᠢ ᠲᠦᠷᠭᠡᠳᠬᠡᠨ᠂ ᠨᠡᠩ ᠤᠯᠠᠨ ᠪᠣᠳᠠᠲᠤ ᠪᠠᠷᠢᠯᠭ᠎ᠠ ᠶᠢᠨ ᠬᠡᠮᠵᠢᠶ᠎ᠡ ᠪᠠ ᠪᠦᠲᠦᠮᠵᠢᠲᠡᠶ ᠪᠡᠯᠡ ᠣᠷᠣᠭᠤᠯᠤᠯᠲᠠ ᠶᠢ ᠪᠤᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠴᠢᠬᠤᠯᠠ ᠶᠡᠭᠡ ᠲᠦᠷᠦᠯ ᠵᠦᠢᠯ ᠤᠨ ᠬᠦᠴᠢᠷᠳᠡᠯ᠂ ᠡᠪᠡᠷᠰᠢᠶᠡᠯ᠂ ᠲᠦᠭᠵᠢᠷᠡᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠦᠷᠦᠯ ᠵᠦᠢᠯ ᠤᠨ ᠪᠠᠶᠢᠭᠤᠯᠤᠯᠲᠠ ᠳᠤ ᠰᠠᠶᠢᠲᠤᠷ ᠪᠡᠯᠡᠳᠬᠡᠯ ᠬᠢᠵᠦ᠂ 2023 ᠣᠨ ᠤ ᠲᠦᠷᠦᠯ ᠵᠦᠢᠯ ᠤᠨ ᠲᠣᠭᠲᠠᠭᠰᠠᠨ ᠬᠤᠭᠤᠴᠠᠭᠠᠨ ᠳᠤ ᠪᠠᠷᠢᠯᠭ᠎ᠠ ᠡᠬᠢᠯᠡᠬᠦ ᠶᠢ ᠪᠠᠲᠤᠯᠠᠬᠤ ᠬᠡᠷᠡᠭᠲᠡᠢ  ᠃ ᠡᠯ᠎ᠡ ᠰᠤᠮᠤ ᠰᠢᠶᠠᠩ ᠪᠠᠯᠭᠠᠰᠤ  ᠡᠯ᠎ᠡ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠵᠥᠷᠢᠶ᠎ᠡ ᠪᠠᠨ ᠡᠷᠢᠵᠦ᠂ ᠳᠤᠲᠠᠭᠤᠳᠠᠯ ᠢᠶᠠᠨ ᠨᠥᠬᠦᠪᠦᠷᠢᠯᠡᠵᠦ᠂ ᠠᠯᠳᠠᠰᠢ ᠭᠠᠷᠬᠤ ᠶᠢ ᠬᠤᠷᠢᠭᠯᠠᠨ᠂  ᠡᠯ᠎ᠡ  ᠲᠦᠷᠦᠯ ᠤᠨ ᠠᠵᠢᠯ ᠢ ᠪᠣᠳᠠᠲᠠᠢ ᠠᠳᠬᠤᠨ ᠤᠷᠢᠳᠴᠢᠯᠠᠨ ᠬᠢᠵᠦ᠂  ᠪᠠᠳᠤ ᠴᠢᠩᠭ᠎ᠠ ᠰᠤᠷᠲᠠᠯ ᠤᠨ ᠪᠠᠶᠢᠭᠤᠯᠤᠯᠲᠠ ᠪᠠᠷ ᠲᠦᠷᠦᠯ ᠵᠦᠢᠯ ᠤᠨ ᠪᠠᠶᠢᠭᠤᠯᠤᠯᠲᠠ ᠶᠢ ᠪᠠᠶᠢᠷᠢ ᠲᠡᠪᠰᠢᠬᠦᠯᠬᠦ ᠪᠠᠷ ᠴᠢᠷᠮᠠᠶᠢᠬᠤ   ᠬᠡᠷᠡᠭᠲᠡᠢ ᠭᠡᠵᠦ ᠵᠢᠭᠠᠵᠤ ᠭᠠᠷᠭᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ ᠭᠤᠣᠯᠳᠠᠯᠭ᠎ᠠ ᠲᠠᠢ ᠳᠦᠷᠦᠯ ᠵᠦᠢᠯ ᠢ ᠠᠬᠢᠭᠤᠯᠬᠤ ᠠᠵᠢᠯ ᠳᠤ ᠪᠠᠶᠢᠷᠢᠯᠠᠭᠤᠯᠤᠯᠲᠠ ᠬᠢᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠭᠤᠣᠯᠳᠠᠯᠭ᠎ᠠ ᠲᠠᠢ ᠳᠦᠷᠦᠯ ᠵᠦᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃ ᠬᠤᠰᠢᠭᠤᠨ ᠤ ᠤᠳᠤᠷᠢᠳᠤᠯᠭ᠎ᠠ ᠮᠠ ᠷᠦᠢ ᠮᠠᠨ᠂ ᠶᠢᠨ ᠶᠦᠩ ᠾᠧ᠂ ᠵᠣᠣ ᠬᠠᠢ ᠯᠢ᠂ ᠸᠠᠩ ᠵᠢᠦᠢ ᠰᠢ᠂ ᠯᠢ ᠵᠠᠨ ᠪᠦᠦ᠂  ᠡᠷᠳᠡᠨᠢᠪᠠᠭᠠᠳᠤᠷ᠂ ᠪᠦᠦ ᠴᠢᠩ ᠱᠠᠨ  ᠵᠢᠴᠢ ᠰᠤᠮᠤ ᠰᠢᠶᠠᠩ  ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ  ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号