ᠲᠠᠶᠢᠹᠤᠰᠧ ᠬᠤᠰᠢᠭᠤᠨ ᠤ ᠯᠦᠸᠧ ᠲᠦᠸᠧ ᠱᠠᠨ ᠪᠠᠯᠭᠠᠰᠤ ᠨᠢ 10513 ᠡᠷᠦᠬᠡ 22237 ᠬᠦᠮᠦᠨ | ᠲᠠᠢ ︵ᠪᠠᠶᠢᠩᠭᠤ ᠰᠠᠭᠤᠭ᠎ᠠ 3452 ᠡᠷᠦᠬᠡ 7319 ᠬᠦᠮᠦᠨ᠂ ᠮᠠᠨᠵᠤ᠂ ᠮᠣᠩᠭᠤᠯ᠂ ᠬᠤᠲᠣᠩ᠂ ᠱᠦᠢ᠂ | ᠲᠦᠵᠢᠶᠠ᠂ ᠵᠤᠸᠠᠩ᠂ ᠳᠠᠭᠤᠷ᠂ ᠯᠢᠰᠦ ᠵᠡᠷᠭᠡ ᠦᠨᠳᠦᠰᠦᠲᠡᠨ ᠤ ᠬᠥᠮᠥᠨ ᠠᠮᠠ ᠨᠡᠶᠢᠲᠡ 4075 ᠬᠦᠮᠦᠨ︶ | ᠣᠯᠠᠨ ᠦᠨᠳᠦᠰᠦᠲᠡᠨ ᠲᠥᠪᠯᠡᠷᠡᠨ ᠰᠠᠭᠤᠭᠰᠠᠨ ᠣᠷᠣᠨ ᠪᠣᠯᠣᠨ᠎ᠠ᠃ ᠣᠶᠢᠷ᠎ᠠ ᠶᠢᠨ ᠵᠢᠯ ᠳᠤ᠂ ᠯᠦᠸᠧ ᠲᠦᠸᠧ | ᠱᠠᠨ ᠪᠠᠯᠭᠠᠰᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠬᠠᠷᠢᠯᠴᠠᠨ ᠬᠠᠪᠰᠤᠷᠤᠯᠴᠠᠵᠤ᠂ ᠬᠠᠷᠢᠯᠴᠠᠨ | ᠬᠠᠶᠢᠷᠠᠯᠠᠵᠤ᠂ ᠡᠶ᠎ᠡ ᠵᠣᠬᠢᠴᠠᠯ ᠲᠠᠢ ᠪᠠᠯᠭᠠᠰᠤ ᠶᠢ ᠬᠠᠮᠲᠤ ᠪᠠᠷ ᠴᠣᠭᠴᠠᠯᠠᠨ ᠪᠠᠶᠢᠭᠤᠯᠤᠭᠰᠠᠨ ᠢᠶᠠᠷ ᠤᠷᠴᠢᠮᠬᠠᠨ | ᠲᠤᠰ ᠪᠠᠯᠭᠠᠰᠤ ᠨᠢ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠶᠢᠨ | ᠢᠷᠠᠭᠤ ᠠᠯᠳᠠᠷ ᠢ ᠬᠦᠷᠳᠡᠭᠰᠡᠨ ᠪᠠᠶᠢᠨ᠎ᠠ᠃ ᠯᠦᠸᠧ ᠲᠦᠸᠧ ᠱᠠᠨ ᠪᠠᠯᠭᠠᠰᠤᠨ ᠳᠤ ᠬᠦᠷᠬᠦ ᠳᠤ᠂ ᠦᠨᠳᠦᠰᠦᠲᠡᠨ ᠤ | ᠪᠦᠯᠬᠦᠮᠳᠡᠯ ᠤᠨ ᠤᠷᠢᠶ᠎ᠠ ᠭᠠᠵᠠᠷ ᠪᠣᠯᠭᠠᠨ ᠳᠤ ᠬᠠᠷᠠᠭᠳᠠᠵᠤ᠂ ᠦᠨᠳᠦᠰᠦᠲᠡᠨ ᠤ ᠪᠦᠯᠬᠦᠮᠳᠡᠯ᠂ ᠡᠶ᠎ᠡ ᠵᠤᠬᠢᠴᠠᠯ᠂ | ᠦᠬᠡᠳᠡᠯᠡᠯ ᠲᠠᠪᠰᠢᠯᠳᠠ ᠶᠢᠨ ᠠᠭᠤᠷ ᠠᠮᠢᠰᠬᠤᠯ ᠪᠢᠯᠬᠠᠨ᠂ ᠡᠯ᠎ᠡ ᠦᠨᠳᠦᠰᠦᠲᠡᠨ ᠤ ᠠᠷᠠᠳ ᠲᠦᠮᠡᠨ ᠠᠳᠡ ᠡᠶ᠎ᠡ | ᠨᠠᠶᠢᠷᠠᠮᠳᠠᠭᠤ ᠤᠷᠤᠰᠢᠨ ᠰᠠᠭᠤᠷᠢᠰᠢᠵᠤ᠂ ᠬᠠᠮᠲᠤᠪᠠᠷ ᠠᠵᠢᠯᠯᠠᠨ ᠬᠠᠮᠲᠤᠪᠠᠷ ᠰᠤᠷᠤᠯᠴᠠᠵᠦ᠂ ᠬᠠᠮᠲᠤᠪᠠᠷ | ᠤᠷᠤᠭᠰᠢᠯᠠᠨ ᠬᠠᠮᠲᠤᠪᠠᠷ ᠵᠢᠷᠭᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠨ᠂ | ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠪᠦᠯᠬᠦᠮᠳᠡᠯ ᠲᠠᠪᠰᠢᠯᠳᠠ ᠶᠢᠨ ᠨᠠᠶᠢᠷᠠᠯ ᠬᠥᠭᠵᠢᠮ ᠢ | ᠴᠢᠪᠬᠠᠳᠠᠨᠠᠮ᠃ ︽ᠣᠳᠣᠬᠠᠨ ᠳᠤ ᠤᠯᠤᠰ ᠤᠨ ᠲᠥᠷᠥ ᠶᠢᠨ ᠪᠣᠳᠣᠯᠭ᠎ᠠ ᠶᠠᠪᠤᠬᠤ ᠲᠤᠳᠤᠮ ᠰᠠᠶᠢᠵᠢᠷᠠᠵᠤ᠂ | ᠠᠷᠠᠳ ᠲᠦᠮᠡᠨ ᠤ ᠠᠮᠢᠳᠤᠷᠠᠯ ᠵᠢᠯ ᠠᠴᠠ ᠵᠢᠯ ᠬᠦᠴᠦᠷᠭᠡᠭᠵᠢᠨ᠂ ᠦᠨᠳᠦᠰᠦᠲᠡᠨ ᠨᠦᠭᠦᠳ ᠤᠨ ᠣᠯᠠᠨ ᠲᠦᠮᠡᠨ | ᠨᠢᠭᠡ ᠭᠡᠷ ᠤᠨ ᠬᠥᠮᠥᠨ ᠰᠢᠭ ᠪᠦᠯᠬᠦᠮᠳᠡᠨ ᠨᠢᠬᠳᠠᠷᠠᠭᠠᠳ᠂ ᠠᠶᠢᠯ ᠲᠣᠰᠬᠤᠨ ᠨᠢᠬᠡᠪᠦᠷᠢ ᠪᠠᠶᠠᠨ ᠴᠢᠨᠡᠭᠡᠯᠢᠭ ᠪᠣᠯᠵᠤ | ᠂ ᠠᠵᠤ ᠠᠮᠢᠳᠤᠷᠠᠯ ᠨᠢ ᠴᠦ ᠮᠠᠰᠢ ᠲᠡᠭᠡᠭᠰᠢᠯᠡᠵᠡᠢ᠂᠂᠂᠂᠂᠂︾ ᠬᠡᠵᠦ ᠂ ᠲᠣᠰᠬᠤᠨ ᠤ ᠠᠷᠠᠳ ᠵᠢᠶᠣᠣ ᠢᠦᠢ | ᠯᠢᠶᠠᠨ ᠥᠪᠡᠷ ᠤᠨ ᠭᠡᠷ ᠪᠤᠯᠤᠨ ᠠᠶᠢᠯ ᠲᠤᠰᠬᠤᠨ ᠤ ᠪᠠᠨ ᠬᠦᠭᠵᠢᠯᠳᠡ ᠬᠤᠪᠢᠷᠠᠯᠲᠠ ᠶᠢ ᠶᠠᠷᠢᠵᠤ ᠪᠠᠷᠠᠮ᠎ᠠ ᠦᠬᠡᠢ | ᠪᠠᠶᠢᠯ᠎ᠠ᠃ | ᠣᠶᠢᠷ᠎ᠠ ᠶᠢᠨ ᠵᠢᠯ ᠳᠤ᠂ ᠯᠥᠸᠧ ᠲᠦᠸᠧ ᠱᠠᠨ ᠪᠠᠯᠭᠠᠰᠤ ᠨᠢ ᠨᠠᠮ ᠤᠨ ᠪᠠᠶᠢᠭᠤᠯᠤᠯᠲᠠ ᠪᠠᠷ | ᠵᠢᠯᠤᠭᠤᠳᠤᠮᠵᠢ ᠪᠤᠯᠭᠠᠨ᠂ ᠤᠯᠠᠨ ᠲᠦᠮᠡᠨ ᠳᠤ ᠦᠢᠯᠡᠴᠢᠯᠡᠬᠦ ᠪᠠᠷ ᠭᠤᠣᠯ ᠪᠣᠯᠭᠠᠵᠤ᠂ ᠦᠨᠳᠦᠰᠦᠲᠡᠨ ᠤ | ᠪᠦᠯᠬᠦᠮᠳᠡᠯ ᠤᠨ ᠠᠵᠢᠯ ᠪᠣᠯᠣᠨ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ | ᠠᠵᠢᠯ ᠢ ᠬᠥᠲᠥᠯᠥᠨ ᠳᠠᠭᠠᠭᠤᠯᠬᠤ ᠶᠢ ᠣᠷᠭᠠᠨᠢᠭ ᠢᠶᠠᠷ ᠤᠶᠠᠯᠳᠤᠭᠤᠯᠤᠨ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯ ᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠠᠭᠤᠰᠤᠯᠴᠠᠭᠤᠯᠤᠭᠠᠳ᠂ | ᠦᠨᠳᠦᠰᠦᠲᠡᠨ ᠤ ᠪᠦᠯᠬᠦᠮᠳᠡᠯ ᠤᠨ ᠠᠵᠢᠯ ᠢ ᠪᠦᠬᠦ ᠲᠠᠯ᠎ᠠ ᠪᠠᠷ ᠳᠡᠭᠡᠭᠰᠢᠯᠡᠭᠦᠯᠵᠡᠢ᠃ ᠣᠲᠣ ᠲᠤᠰ ᠪᠠᠯᠭᠠᠰᠤᠨ ᠤ | 631 ᠨᠠᠮ ᠤᠨ ᠭᠡᠰᠢᠭᠦᠨ ᠤ ᠳᠣᠲᠣᠷ᠎ᠠ ᠮᠣᠩᠭᠤᠯ ᠦᠨᠳᠦᠰᠦᠲᠡᠨ ᠤ ᠨᠠᠮ ᠤᠨ ᠭᠡᠰᠢᠭᠦᠨ 26 ᠪᠠᠶᠢᠵᠤ᠂ 4.1% | ᠶᠢ ᠡᠵᠡᠯᠡᠨ᠂ 19 ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠣᠯᠠᠩᠬᠢ ᠳᠤᠨᠢ ᠴᠦᠬᠡᠨ ᠲᠤᠭᠠᠳᠤ | ᠦᠨᠳᠦᠰᠦᠲᠡᠨ ᠤ ᠭᠡᠰᠢᠭᠦᠨ ᠲᠠᠢ ᠪᠠᠶᠢᠵᠤ᠂ ᠲᠣᠰᠬᠤᠨ ᠱᠠᠲᠤᠨ ᠤ ᠦᠨᠳᠦᠰᠦᠲᠡᠨ ᠤ ᠺᠠᠳ᠋ᠷ ᠤᠨ ᠡᠩᠨᠡᠬᠡᠨ ᠤ | ᠪᠦᠷᠢᠯᠳᠦᠴᠡ ᠰᠢᠯᠢᠳᠡᠭᠵᠢᠭᠰᠡᠨ ᠪᠠᠶᠢᠨ᠎ᠠ᠃ ᠡᠭᠦᠨ ᠤ ᠬᠠᠮᠳᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ | ᠢ ᠳᠠᠶᠢᠴᠢᠯᠠᠨ ᠠᠶᠢᠯ ᠲᠣᠰᠬᠤᠨ ᠳᠤ ᠬᠦᠨᠵᠡᠬᠡᠶᠢᠷᠡᠬᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠬᠦᠯᠵᠦ ᠡᠭᠦᠳᠦᠨ ᠪᠠᠶᠢᠭᠤᠯᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠤᠬᠠᠭᠤᠯᠤᠨ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠵᠡᠯ ᠰᠠᠨᠠᠭ᠎ᠠ ᠶᠢ ᠬᠥᠮᠥᠰ ᠤᠨ ᠰᠡᠳᠬᠢᠯ ᠳᠤ | ᠬᠠᠳᠠᠩᠰᠢᠭᠤᠯᠪᠠ᠃ | ᠯᠦᠸᠧ ᠲᠦᠸᠧ ᠱᠠᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠭᠠᠲᠤᠷ ᠄ ︽ᠪᠠᠯᠭᠠᠰᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠦᠨᠳᠦᠰᠦᠲᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ | ᠂ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ | ᠪᠣᠯᠣᠨ ᠪᠠᠶᠢᠭᠤᠯᠭ᠎ᠠ ᠶᠢᠨ ᠺᠠᠳ᠋ᠷᠴᠤᠳ ᠤᠨ ︽ᠭᠤᠷᠪᠠᠨ ᠬᠤᠷᠠᠯ ᠨᠢᠭᠡ ᠬᠢᠴᠢᠶᠡᠯ︾ ᠤᠨ ᠰᠤᠷᠤᠯᠴᠠᠬᠤ | ᠲᠥᠯᠥᠪᠯᠡᠭᠡ ᠳᠤ ᠤᠷᠤᠭᠤᠯᠤᠨ᠂ ᠤᠬᠠᠭᠤᠯᠭ᠎ᠠ ᠶᠢᠨ ᠠᠷᠭ᠎ᠠ ᠬᠡᠯᠪᠡᠷᠢ ᠶᠢ ᠪᠠᠶᠠᠯᠢᠭᠵᠢᠭᠤᠯᠵᠤ᠂ ᠨᠠᠮ ᠤᠨ | ᠦᠨᠳᠦᠰᠦᠲᠡᠨ ᠤ ᠲᠦᠷᠦ ᠶᠢᠨ ᠪᠣᠳᠣᠯᠭ᠎ᠠ ᠵᠢᠴᠢ ᠨᠡᠶᠢᠲᠡᠯᠢᠭ ᠵᠢᠱᠢᠶ᠎ᠡ ᠲᠡᠷᠢᠬᠦᠨ ᠤ ᠦᠢᠯᠡ ᠠᠵᠢᠯᠯᠠᠭ᠎ᠠ ᠶᠢ | ᠥᠷᠭᠡᠨ ᠢᠶᠠᠷ ᠤᠬᠠᠭᠤᠯᠪᠠ᠃ ᠨᠢᠳᠤᠨᠤᠨ ᠠᠴᠠ ᠨᠠᠰᠢ᠂ ᠮᠠᠨ ᠤ ᠪᠠᠯᠭᠠᠰᠤ ᠨᠢ ᠬᠦᠨᠪᠤᠯᠠᠭ ᠰᠤᠮᠤ ᠲᠠᠢ ᠬᠠᠮᠳᠤᠷᠠᠨ᠂ | ﹇ᠦᠨᠳᠦᠰᠦᠲᠡᠨ ᠨᠦᠭᠦᠳ ᠪᠦᠯᠬᠦᠮᠳᠡᠵᠦ ᠨᠢᠭᠡ ᠭᠡᠷ ᠤᠨ ᠬᠥᠮᠥᠨ ᠮᠡᠲᠦ ᠲᠤᠳᠤᠨᠤ ᠪᠠᠶᠢᠬᠤ﹈ ᠵᠡᠷᠭᠡ ᠠᠵᠢᠯᠯᠠᠭ᠎ᠠ ᠶᠢ | ᠥᠷᠨᠢᠭᠦᠯᠵᠦ᠂ ᠣᠲᠣ ᠪᠣᠯᠲᠠᠯ᠎ᠠ ᠨᠡᠶᠢᠲᠡ ᠠᠷᠪᠠᠭᠠᠳ ᠤᠳᠠᠭᠠᠨ ᠤ ᠬᠦᠳᠡᠯᠪᠦᠷᠢ ᠠᠵᠢᠯᠯᠠᠭ᠎ᠠ ᠶᠠᠪᠤᠭᠳᠠᠭᠤᠯᠤᠭᠰᠠᠨ | ᠪᠠᠶᠢᠨ᠎ᠠ ᠃ ᠮᠠᠨ ᠤ ᠪᠠᠯᠭᠠᠰᠤᠨ ᠤ ᠯᠥᠸᠧ ᠲᠦᠸᠧ ᠱᠠᠨ ᠲᠣᠰᠬᠤᠨ᠂ ᠾᠧᠦ ᠱᠦᠢ ᠴᠢᠤᠸᠠᠨ ᠲᠣᠰᠬᠤᠨ ᠪᠣᠯ | ᠤᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠣᠷᠣᠨ ᠪᠣᠯᠣᠨ᠎ᠠ᠂ ᠦᠨᠳᠦᠰᠦᠲᠡᠨ ᠤ ᠪᠦᠯᠬᠦᠮᠳᠡᠯ ᠨᠢᠬᠳᠠᠷᠠᠯ ᠢ | ᠠᠬᠢᠭᠤᠯᠬᠤ ᠲᠠᠯ᠎ᠠ ᠪᠠᠷ ᠲᠣᠰᠬᠤᠨ ᠤ ᠨᠠᠮ ᠤᠨ ᠡᠭᠦᠷ ᠨᠢ ᠢᠳᠡᠪᠬᠢᠲᠡᠢ ᠪᠠᠷ ᠰᠢᠨ᠎ᠡ ᠶᠢ ᠡᠬᠦᠳᠦᠨ᠂ ︽ᠤᠷᠠᠨ | ᠰᠠᠶᠢᠬᠠᠨ ᠤ ᠬᠠᠮᠲᠤᠷᠠᠭᠰᠠᠨ ᠲᠣᠭᠯᠠᠯᠲᠠ ᠪᠡᠯᠡᠳᠬᠡᠵᠦ᠂ ᠦᠨᠳᠦᠰᠦᠲᠡᠨ ᠤ ᠰᠣᠶᠣᠯ ᠤᠨ ᠠᠭᠤᠰᠤᠯᠴᠠᠯ ᠢ ᠠᠬᠢᠭᠤᠯᠬᠤ | ︾ ᠵᠡᠷᠭᠡ ᠠᠵᠢᠯᠯᠠᠭ᠎ᠠ ᠶᠢ ᠥᠷᠨᠢᠭᠦᠯᠵᠦ᠂ ᠲᠡᠬᠦᠪᠡᠷ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ | ᠬᠥᠭᠵᠢᠯᠲᠡ ᠶᠢ ᠠᠬᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠴᠢᠬᠤᠯᠠ ᠠᠴᠢᠶᠠᠯᠠᠪᠤᠷᠢ ᠪᠠ ᠠᠷᠭ᠎ᠠ | ᠪᠠᠷᠢᠯ ᠪᠣᠯᠭᠠᠵᠠᠢ︾᠃ | ᠬᠤᠶᠢᠰᠢᠳᠠ᠂ ᠯᠦᠸᠧ ᠲᠦᠸᠧ ᠱᠠᠨ ᠪᠠᠯᠭᠠᠰᠤ ᠨᠢ ᠰᠠᠭᠤᠷᠢ ᠲᠠᠯᠪᠢᠬᠤ᠂ ᠠᠯᠤᠰ ᠢ ᠪᠣᠳᠣᠯᠬᠢᠯᠠᠬᠤ᠂ ᠦᠷ᠎ᠡ | ᠪᠦᠲᠦᠮᠵᠢ ᠣᠯᠬᠤ ᠳᠡᠭᠡᠷ᠎ᠡ ᠦᠷᠬᠦᠯᠵᠢᠯᠡᠨ ᠬᠦᠴᠦ ᠲᠠᠯᠪᠢᠵᠤ᠂ ︽ᠪᠦᠯᠬᠦᠮᠳᠡᠯ ᠤᠨ ᠵᠡᠭᠦᠳᠦ ᠪᠠᠨ ᠲᠡᠷᠭᠡᠯᠰᠢᠭᠦᠯᠬᠦ᠂ | ᠬᠥᠭᠵᠢᠯᠲᠡ ᠶᠢᠨ ᠵᠡᠭᠦᠳᠦ ᠪᠠᠨ ᠡᠷᠢᠯᠬᠢᠯᠡᠬᠦ᠂ ᠳᠤᠮᠳᠠᠳᠤ ᠶᠢᠨ ᠵᠡᠭᠦᠳᠦ ᠪᠠᠨ ᠪᠡᠶᠡᠯᠡᠭᠦᠯᠬᠦ︾ ᠪᠠᠷ ᠦᠨᠳᠦᠰᠦᠨ | ᠡᠭᠦᠷᠭᠡ ᠪᠤᠯᠭᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠨᠠᠩ ᠬᠦᠴᠦᠲᠡᠢ ᠠᠬᠢᠭᠤᠯᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ᠂ ᠨᠡᠶᠢᠭᠡᠮ ᠤᠨ ᠡᠶ᠎ᠡ ᠵᠣᠬᠢᠴᠠᠯ | ᠠᠮᠤᠷ ᠲᠣᠭᠲᠠᠭᠤᠨ ᠢ ᠬᠠᠮᠠᠭᠠᠯᠠᠬᠤ ᠳᠤ ᠰᠢᠨ᠎ᠡ ᠬᠤᠪᠢ ᠨᠡᠮᠡᠷᠢ ᠦᠵᠡᠬᠦᠯᠬᠦ ᠪᠠᠷ ᠪᠠᠶᠢᠨ᠎ᠠ᠃ |