ᠡᠨᠡ ᠵᠢᠯ ᠠᠴᠠ ᠨᠠᠰᠢ᠂ ᠶᠦᠩ ᠹᠧᠩ ᠪᠠᠯᠭᠠᠰᠤ ᠨᠢ ᠢᠳᠡᠪᠬᠢᠲᠡᠢ ᠪᠠᠷ ᠰᠡᠳᠬᠢᠴᠡ ᠪᠠᠨ ᠥᠷᠭᠡᠳᠬᠡᠵᠦ᠂ | ᠠᠴᠢᠶᠠᠯᠠᠪᠤᠷᠢ ᠪᠠᠨ ᠰᠢᠨᠡᠴᠢᠯᠡᠨ᠂ ︽ᠨᠠᠮ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠣᠨ︾ ︽ᠵᠣᠬᠢᠶᠠᠨ | ᠪᠠᠶᠢᠭᠤᠯᠤᠯᠲᠠ ᠶᠢ ᠳᠡᠭᠡᠭᠰᠢᠯᠡᠭᠦᠯᠬᠦ ᠣᠨ︾ ᠢᠶᠠᠷ ᠭᠠᠷᠳᠠᠴᠠ ᠪᠣᠯᠭᠠᠵᠤ᠂ ︽ᠪᠠᠯᠭᠠᠰᠤ ᠶᠢ ᠠᠳᠬᠤᠵᠤ ᠲᠣᠰᠬᠤᠨ ᠢ | ᠠᠬᠢᠭᠤᠯᠤᠨ ᠡᠷᠦᠬᠡ ᠶᠢ ᠳᠠᠶᠢᠴᠢᠯᠠᠬᠤ︾ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠢᠨᠵᠧᠨᠧᠷᠢᠩ ᠲᠠᠢ | ᠤᠶᠠᠯᠳᠤᠭᠤᠯᠤᠨ᠂ ︽ᠬᠠᠮᠤᠭ ᠤᠨ ᠬᠦᠴᠦᠷᠬᠡᠭ ᠨᠠᠮ ᠤᠨ ᠡᠭᠦᠷ᠂ ᠲᠠᠪᠤᠨ ᠬᠦᠴᠦᠷᠬᠡᠭ ᠨᠠᠮ ᠤᠨ ᠵᠣᠬᠢᠶᠠᠨ | ᠪᠠᠶᠢᠭᠤᠯᠤᠯᠲᠠ᠂ ᠲᠤᠤᠷᠵᠢᠭᠤᠯᠤᠯᠳᠠ᠂ ᠤᠳᠤᠵᠢᠭᠤᠯᠤᠯᠳᠠ︾ ᠶᠢ ᠵᠡᠷᠭᠡᠪᠡᠷ ᠠᠬᠢᠭᠤᠯᠵᠤ᠂ ᠨᠠᠮ ᠤᠨ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠠᠷᠢᠶᠠᠨ ᠭᠠᠵᠠᠷ ᠤᠨ ᠲᠦᠷᠦᠯ ᠵᠦᠢᠯ ᠤᠨ ᠲᠤᠷᠰᠢᠯᠲᠠ ᠪᠠᠷ ᠲᠠᠮᠵᠢᠭᠠᠳ᠂ | ᠨᠡᠯᠢᠶᠡᠳ ᠰᠠᠶᠢᠨ ᠦᠷ᠎ᠡ ᠪᠦᠲᠦᠮᠵᠢ ᠣᠯᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠴᠤᠭᠴᠠᠯᠠᠯᠳᠠ᠂ ᠦᠨᠳᠦᠰᠦᠨ ᠱᠠᠲᠤᠨ ᠤ ᠵᠠᠰᠠᠯᠲᠠ ᠶᠢᠨ ᠬᠢᠷᠢ ᠲᠦᠪᠰᠢᠨ ᠢ ᠪᠦᠲᠦᠮᠵᠢᠲᠡᠶ ᠲᠡᠭᠡᠭᠰᠢᠯᠡᠬᠦᠯᠵᠦ | ᠢᠷᠡᠭᠰᠡᠨ ᠪᠠᠶᠢᠨ᠎ᠠ᠃ | 10 ᠰᠠᠷ᠎ᠠ ᠶᠢᠨ 18 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ | ᠬᠤᠶᠠᠳᠤᠭᠠᠷ ᠰᠠᠯᠠᠭᠠᠨ ᠤ ᠳᠠᠷᠤᠭ᠎ᠠ ᠲᠢᠶᠠᠨ ᠳ᠋ᠦᠩ ᠳ᠋ᠦᠩ ᠵᠡᠷᠭᠡ ᠬᠦᠮᠦᠰ ᠶᠦᠩ ᠹᠧᠩ ᠪᠠᠯᠭᠠᠰᠤᠨ ᠳᠤ | ᠭᠦᠨᠵᠡᠭᠡᠶᠢᠷᠡᠵᠦ᠂ ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠠᠷᠢᠶᠠᠨ ᠭᠠᠵᠠᠷ ᠤᠨ ᠲᠥᠷᠥᠯ ᠵᠦᠢᠯ ᠤᠨ | ᠠᠵᠢᠯ ᠢ ᠪᠠᠶᠢᠴᠠᠭᠠᠨ ᠰᠤᠳᠤᠯᠵᠦ ᠬᠢᠨᠠᠨ ᠵᠢᠯᠤᠭᠤᠳᠴᠠᠢ᠃ ᠶᠠᠷᠢᠯᠴᠠᠬᠤ ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ | ᠬᠤᠷᠢᠶᠠᠨ ᠤ ᠱᠦᠵᠢ ᠰᠦᠨ ᠬᠠᠢ ᠹᠧᠩ ᠠᠴᠠ ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠠᠷᠢᠶᠠᠨ | ᠭᠠᠵᠠᠷ ᠤᠨ ᠲᠦᠷᠦᠯ ᠵᠦᠢᠯ ᠤᠨ ᠠᠬᠢᠴᠠ ᠪᠦᠲᠦᠮᠵᠢ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ᠂ | ᠠᠷᠭ᠎ᠠ ᠪᠤᠳᠤᠯᠭ᠎ᠠ ᠶᠢᠨ ᠢᠶᠠᠨ ᠲᠤᠬᠠᠢ ᠬᠠᠷᠢᠭᠤ ᠮᠡᠳᠡᠬᠦᠯᠦᠯᠳᠡ ᠬᠢᠭᠰᠡᠨ ᠪᠠᠶᠢᠨ᠎ᠠ᠃ ᠳᠠᠷᠠᠭ᠎ᠠ ᠨᠢ᠂ ᠪᠠᠶᠢᠴᠠᠭᠠᠨ | ᠵᠢᠯᠤᠭᠤᠳᠬᠤ ᠳᠤᠭᠤᠶᠢᠯᠠᠩ ᠤᠨ ᠬᠢᠨ ᠠᠶᠢᠮᠠᠭ ᠤᠨ ᠲᠡᠰ ᠤᠨ ︽ᠲᠠᠪᠤᠨ ᠬᠦᠴᠦᠷᠬᠡᠭ︾ ᠭᠠᠴᠠᠭ᠎ᠠ ᠲᠣᠰᠬᠤᠨ ᠤ | ᠨᠠᠮ ᠤᠨ ᠵᠣᠬᠢᠶᠠᠨ ᠪᠠᠶᠢᠭᠤᠯᠤᠯᠲᠠ ᠪᠤᠯᠬᠤ ᠰᠠᠨ ᠶᠦᠩ ᠲᠣᠰᠬᠤᠨ᠂ ᠠᠶᠢᠮᠠᠭ ᠤᠨ ᠲᠡᠰ ᠤᠨ ︽ᠬᠠᠮᠤᠭ ᠤᠨ | ᠬᠦᠴᠦᠷᠬᠡᠭ ᠨᠠᠮ ᠤᠨ ᠡᠭᠦᠷ︾ ᠪᠣᠯᠬᠤ ᠱᠠᠩ ᠫᠢ ᠹᠠᠩ ᠲᠣᠰᠬᠤᠨ ᠳᠤ ᠭᠦᠨᠵᠡᠭᠡᠶᠢᠷᠡᠵᠦ᠂ ᠲᠤᠬᠠᠢ ᠶᠢᠨ ᠭᠠᠵᠠᠷ | ᠲᠤᠨᠢ ᠪᠠᠶᠢᠴᠠᠭᠠᠨ ᠦᠵᠡᠬᠦ᠂ ᠲᠤᠰᠬᠤᠨ ᠤ ᠺᠠᠳ᠋ᠷ ᠲᠠᠢ ᠨᠢᠭᠤᠷᠳᠠᠨ ᠶᠠᠷᠢᠯᠴᠠᠬᠤ᠂ ᠳᠠᠩᠰᠠ ᠡᠪᠬᠡᠮᠡᠯ ᠢ | ᠪᠠᠶᠢᠴᠠᠭᠠᠨ ᠦᠵᠡᠬᠦ ᠬᠡᠯᠪᠡᠷᠢ ᠪᠠᠷ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠲᠠᠷᠢᠶᠠᠨ ᠭᠠᠵᠠᠷ ᠤᠨ ᠲᠦᠷᠦᠯ ᠵᠦᠢᠯ ᠤᠨ ᠪᠣᠳᠠᠲᠠᠢ ᠠᠵᠢᠯ ᠳᠤ ᠪᠦᠬᠦ ᠲᠠᠯ᠎ᠠ ᠶᠢᠨ ᠨᠠᠷᠢᠨ ᠨᠢᠭᠲᠠ ᠪᠠᠶᠢᠴᠠᠭᠠᠨ | ᠰᠤᠳᠤᠯᠤᠯᠲᠠ ᠬᠢᠵᠡᠢ᠃ ᠪᠠᠶᠢᠴᠠᠭᠠᠨ ᠵᠢᠯᠤᠭᠤᠳᠬᠤ ᠳᠤᠭᠤᠶᠢᠯᠠᠩ ᠠᠴᠠ᠂ ᠨᠠᠮ ᠤᠨ ᠪᠠᠶᠢᠭᠤᠯᠤᠯᠲᠠ ᠶᠢᠨ ᠵᠢᠱᠢᠶ᠎ᠡ | ᠦᠵᠡᠭᠦᠯᠬᠦ ᠲᠠᠷᠢᠶᠠᠨ ᠭᠠᠵᠠᠷ ᠤᠨ ᠲᠥᠷᠥᠯ ᠵᠦᠢᠯ ᠪᠣᠯ ᠪᠥᠬᠦ ᠠᠶᠢᠮᠠᠭ ᠤᠨ ︽ᠨᠠᠮ ᠤᠨ ᠪᠠᠶᠢᠭᠤᠯᠤᠯᠲᠠ ᠶᠢᠨ | ᠠᠵᠢᠯ ᠢ ᠳᠡᠭᠡᠭᠰᠢᠯᠡᠭᠦᠯᠬᠦ ᠣᠨ︾ ︽ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ ᠶᠢ ᠳᠡᠭᠡᠭᠰᠢᠯᠡᠭᠦᠯᠬᠦ ᠣᠨ︾ ᠤ | ᠠᠵᠢᠯ ᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠴᠢᠬᠤᠯᠠ ᠠᠭᠤᠯᠭ᠎ᠠ᠂ ᠮᠦᠨᠴᠦ ᠰᠢᠨ᠎ᠡ | ᠪᠠᠶᠢᠳᠠᠯ ᠰᠢᠨ᠎ᠡ ᠱᠠᠭᠠᠷᠳᠠᠯᠭ᠎ᠠ ᠶᠢᠨ ᠳᠣᠣᠷ᠎ᠠ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠳᠠᠶᠢᠴᠢᠨ ᠬᠦᠴᠦᠨ᠂ ᠨᠢᠭᠲᠠᠷᠠᠯ ᠤᠨ ᠬᠦᠴᠦᠨ ᠪᠠ ᠦᠨᠳᠦᠰᠦᠨ ᠱᠠᠲᠤᠨ ᠤ ᠵᠠᠰᠠᠯᠲᠠ ᠶᠢ ᠤᠯᠠᠮ ᠴᠢᠨᠠᠭᠰᠢᠳᠠ | ᠰᠦᠪᠡᠭᠴᠢᠯᠡᠨ ᠳᠡᠭᠡᠭᠰᠢᠯᠡᠭᠦᠯᠬᠦ ᠶᠢᠨ ᠬᠦᠴᠦᠲᠡᠢ ᠭᠠᠷᠳᠠᠴᠠ ᠪᠠ ᠪᠦᠲᠦᠮᠵᠢᠲᠡᠶ ᠰᠦᠪᠡᠭᠴᠢᠯᠡᠯᠲᠡ ᠮᠥᠨ᠃ ᠪᠠᠯᠭᠠᠰᠤ | ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠡᠷᠭᠡᠪᠰᠢ ᠤᠯᠤᠰ ᠲᠦᠷᠦ ᠶᠢᠨ ᠵᠣᠭᠰᠣᠴᠠ ᠪᠠᠨ ᠲᠠᠰᠤᠷᠠᠯᠲᠠ | ᠦᠭᠡᠢ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠨ᠂ ᠡᠯ᠎ᠡ ᠱᠠᠲᠤᠨ ᠤ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠦᠨᠳᠦᠰᠦᠨ ᠱᠠᠲᠤᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠵᠤ ᠪᠠᠶᠢᠭᠠᠳ᠂ | ᠵᠣᠷᠢᠭᠲᠠᠢ ᠪᠠᠷ ᠰᠢᠨ᠎ᠡ ᠶᠢ ᠡᠬᠦᠳᠦᠨ᠂ ᠢᠳᠡᠪᠬᠢᠲᠡᠢ ᠬᠠᠶᠢᠨ ᠰᠦᠪᠡᠭᠴᠢᠯᠡᠵᠦ᠂ ᠪᠦᠲᠦᠮᠵᠢᠲᠡᠢ ᠠᠷᠭ᠎ᠠ ᠪᠠᠷᠢᠯ ᠢᠶᠠᠷ | ᠲᠠᠮᠵᠢᠨ ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠠᠷᠢᠶᠠᠨ ᠭᠠᠵᠠᠷ ᠤᠨ ᠲᠦᠷᠦᠯ ᠵᠦᠢᠯ ᠢ ᠴᠢᠩᠭ᠎ᠠ | ᠠᠳᠬᠤᠵᠤ ᠪᠤᠳᠠᠳᠠᠢ ᠠᠳᠬᠤᠵᠤ ᠪᠦᠲᠦᠮᠵᠢ ᠲᠠᠢ ᠠᠳᠬᠤᠬᠤ ᠬᠡᠷᠡᠭᠲᠡᠢ᠃ ᠡᠭᠦᠨ ᠤ ᠬᠠᠮᠳᠤ᠂ ᠬᠦᠷᠦᠯᠴᠡᠬᠦ ᠦᠭᠡᠢ | ᠲᠠᠯ᠎ᠠ ᠶᠢ ᠴᠠᠭ ᠲᠤᠬᠠᠢ ᠳᠤᠨᠢ ᠣᠯᠵᠤ ᠢᠯᠡᠷᠡᠬᠦᠯᠦᠨ᠂ ᠠᠷᠭ᠎ᠠ ᠲᠤᠷᠰᠢᠯᠭ᠎ᠠ ᠪᠠᠨ ᠨᠢᠮᠪᠠᠢ ᠳ᠋ᠦᠩᠨᠡᠵᠦ᠂ | ᠴᠢᠨᠠᠭᠰᠢᠳᠠ ᠲᠡᠯᠬᠡᠷᠡᠬᠦᠯᠬᠦ ᠠᠵᠢᠯ ᠢ ᠰᠠᠶᠢᠨ ᠬᠢᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ |