ᠪᠤᠤᠴᠠᠩ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠭᠤᠣᠯᠳᠠᠯᠭ᠎ᠠ ᠲᠠᠢ ᠠᠵᠢᠯ ᠳᠤ ᠬᠢᠨᠠᠯᠲᠠ ᠲᠠᠯᠪᠢᠬᠤ ᠨᠢᠬᠳᠠ ᠲᠣᠣᠷ ᠢ ᠰᠦᠯᠵᠢᠵᠦ ᠪᠠᠶᠢᠨ᠎ᠠ
ᠨᠡᠶᠢᠲᠡᠯᠡᠭᠰᠡᠨ ᠴᠠᠭ᠄
2022/10/20
    ᠪᠤᠤᠴᠠᠩ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠨᠢ ᠬᠢᠨᠠᠯᠲᠠ ᠲᠠᠯᠪᠢᠬᠤ ᠦᠢᠯᠡᠳᠦᠯ ᠴᠢᠳᠠᠮᠵᠢ ᠪᠠᠨ ᠭᠦᠢᠴᠡᠳ ᠪᠠᠳᠠᠷᠠᠭᠤᠯᠵᠤ᠂  ᠤᠷᠢᠳᠴᠢᠯᠠᠨ ᠰᠡᠷᠡᠮᠵᠢᠯᠡᠭᠦᠯᠬᠦ᠂  ᠱᠠᠭᠠᠷᠳᠠᠨ ᠪᠠᠶᠢᠴᠠᠭᠠᠬᠤ ᠠᠵᠢᠯᠯᠠᠭ᠎ᠠ ᠶᠢ ᠪᠠᠶᠢᠩᠭᠤ ᠶᠢᠨ ᠴᠢᠨᠠᠷᠲᠠᠢ ᠦᠷᠨᠢᠬᠦᠯᠦᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ ᠪᠠᠶᠢᠨ᠎ᠠ᠃ ᠣᠶᠢᠷ᠎ᠠ ᠳᠤ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠨᠢ ︽ᠡᠮᠦᠨ᠎ᠡ ᠬᠠᠷᠠᠭᠤᠯ︾ ᠤᠨ ᠬᠢᠨᠠᠯᠲᠠ ᠲᠠᠯᠪᠢᠬᠤ ᠦᠢᠯᠡᠳᠦᠯ ᠢᠶᠠᠨ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠠᠵᠢᠯ  ᠤᠨ ᠠᠬᠢᠴᠠ᠂ ᠪᠠᠯᠭᠠᠰᠤᠨ ᠤ ᠺᠠᠳ᠋ᠷ ᠠᠵᠢᠯᠲᠠᠨ ᠤ ᠠᠵᠢᠯ ᠤᠨ ᠰᠤᠷᠲᠠᠯ ᠳᠤ ᠬᠢᠨᠠᠨ ᠪᠠᠶᠢᠴᠠᠭᠠᠯᠲᠠ ᠬᠢᠵᠦ᠂  ᠪᠠᠶᠢᠴᠠᠭᠠᠯᠳᠠ ᠪᠠᠷ ᠴᠡᠭᠴᠡᠯᠡᠯᠳᠡ ᠶᠢ ᠠᠬᠢᠭᠤᠯᠤᠨ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃  ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ   ᠴᠢᠩᠭᠠᠳᠬᠠᠵᠤ᠂ ︽ᠭᠤᠣᠯᠳᠠᠯᠭ᠎ᠠ ᠲᠠᠢ ᠠᠵᠢᠯ ᠢ ᠬᠠᠮᠢᠭ᠎ᠠ ᠬᠦᠷᠲᠡᠯ᠎ᠡ ᠠᠬᠢᠭᠤᠯᠪᠠᠯ᠂ ᠬᠢᠨᠠᠯᠲᠠ ᠪᠠᠶᠢᠴᠠᠭᠠᠯᠳᠠ ᠶᠢ ᠲᠡᠨᠳᠡ ᠬᠦᠷᠲᠡᠯ᠎ᠡ ᠲᠠᠭᠠᠭᠤᠯᠬᠤ︾ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠯᠲᠠ ᠲᠠᠯᠪᠢᠵᠤ ᠪᠠᠶᠢᠴᠠᠭᠠᠬᠤ ᠶᠢ ᠪᠠᠶᠢᠩᠭᠤᠵᠢᠭᠤᠯᠤᠨ᠂ ᠡᠯ᠎ᠡ ᠲᠦᠷᠦᠯ ᠤᠨ ᠠᠵᠢᠯ ᠤᠨ ᠠᠬᠢᠴᠠ ᠶᠢ ᠬᠤᠪᠢᠷᠠᠭᠤᠯᠬᠤ ᠦᠭᠡᠢ᠂ ᠬᠡᠷᠡᠭᠵᠢᠭᠦᠯᠦᠯᠲᠡ ᠶᠢ ᠬᠤᠪᠢᠷᠠᠭᠤᠯᠬᠤ ᠦᠭᠡᠢ ᠪᠠᠶᠢᠬᠤ ᠶᠢ ᠦᠨᠡᠨ ᠬᠦ ᠪᠠᠳᠤᠯᠠᠵᠤ ᠪᠤᠢ᠃ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠢᠨᠠᠯᠲᠠ ᠲᠠᠯᠪᠢᠬᠤ ᠶᠢ ᠪᠥᠬᠦ ᠬᠦᠴᠦᠨ ᠢᠶᠠᠷ  ᠰᠠᠶᠢᠲᠤᠷ ᠠᠳᠬᠤᠵᠤ᠂ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠬᠦᠮᠦᠨ ᠤᠯᠠᠨᠳᠠᠢ ᠭᠠᠵᠠᠷ ᠲᠤ ᠠᠮᠠᠪᠴᠢ ᠵᠡᠭᠦᠬᠦ᠂  ᠺᠤᠳ᠋ ᠰᠢᠷᠪᠢᠬᠦ᠂  ᠬᠠᠯᠠᠭᠤᠨ ᠢ ᠬᠡᠮᠵᠢᠬᠦ᠂  ᠴᠡᠪᠡᠷᠯᠡᠨ ᠠᠷᠢᠭᠤᠳᠬᠠᠬᠤ ᠠᠷᠭ᠎ᠠ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠭᠠᠳᠠᠨ᠎ᠠ ᠠᠴᠠ ᠢᠷᠡᠭᠰᠡᠨ ᠭᠤᠣᠯᠳᠠᠯᠭ᠎ᠠ ᠲᠠᠢ ᠬᠥᠮᠥᠰ ᠤᠨ ᠬᠠᠮᠢᠶᠠᠷᠤᠯᠲᠠ ᠵᠢᠴᠢ ᠺᠠᠳ᠋ᠷ ᠠᠵᠢᠯᠳᠠᠳ ᠤᠨ ᠬᠢᠵᠢᠭ  ᠰᠡᠷᠭᠡᠶᠢᠯᠡᠬᠦ  ᠵᠢᠵᠢᠬᠦᠷ ᠵᠢᠰᠢᠶᠡᠨ ᠤ ᠪᠠᠶᠢᠳᠠᠯ ᠢ  ᠱᠠᠭᠠᠷᠳᠠᠨ ᠪᠠᠶᠢᠴᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ  ᠲᠦᠷᠦᠯ ᠤᠨ ᠠᠷᠭ᠎ᠠ  ᠲᠦᠷᠢᠮ ᠤᠨ ᠦᠨᠡᠨᠬᠦ ᠨᠠᠶᠢᠳᠠᠪᠤᠷᠢᠵᠢᠬᠤ ᠶᠢ ᠪᠠᠳᠤᠯᠠᠵᠤ ᠪᠠᠶᠢᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠬᠤ ᠡᠯ᠎ᠡ ᠲᠦᠷᠦᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠲᠣᠰᠬᠤᠨ ᠳᠤ ᠰᠠᠭᠤᠭ᠎ᠠ  ᠨᠢᠭᠡᠳᠦᠭᠡᠷ ᠱᠦᠵᠢ᠂ ᠲᠣᠰᠬᠤᠨ ᠤ ᠱᠦᠵᠢ ᠶᠢᠨ ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ ᠡᠯ᠎ᠡ ᠲᠣᠰᠬᠤᠨ ᠳᠤ ᠬᠦᠨᠵᠡᠬᠡᠶᠢᠷᠡᠨ ᠳᠠᠩᠰᠠ ᠡᠪᠬᠡᠮᠡᠯ ᠢ ᠪᠠᠶᠢᠴᠠᠭᠠᠬᠤ  ᠂ ᠡᠷᠦᠬᠡ  ᠳᠤ ᠤᠷᠤᠵᠤ ᠰᠤᠷᠪᠤᠯᠵᠢᠯᠠᠬᠤ ᠵᠡᠷᠭᠡ  ᠬᠡᠯᠪᠡᠷᠢ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠠᠭᠤᠯᠭ᠎ᠠ ᠲᠠᠢ ᠬᠠᠷᠢᠴᠠᠭᠤᠯᠤᠨ ᠪᠦᠬᠦ ᠪᠠᠯᠭᠠᠰᠤᠨ ᠤ ᠶᠠᠳᠠᠭᠤ ᠠᠴᠠ ᠠᠩᠬᠢᠵᠢᠷᠠᠭᠤᠯᠬᠤ ᠠᠵᠢᠯ ᠳᠤ   ︽ᠡᠷᠬᠢᠨ ᠬᠠᠷᠠᠬᠤ︾ ᠪᠠᠶᠢᠴᠠᠭᠠᠯᠳᠠ ᠶᠠᠪᠤᠭᠤᠯᠵᠤ᠂  ᠪᠡᠯᠡ  ᠮᠦᠩᠬᠦ᠂ ᠲᠦᠷᠦᠯ ᠵᠦᠢᠯ  ᠂ ᠲᠡᠭᠡᠳᠦ ᠱᠠᠳᠤᠨ ᠤ ᠲᠤᠰᠬᠠᠭᠰᠠᠨ ᠠᠰᠠᠭᠤᠳᠠᠯ ᠢ ᠨᠠᠶᠢᠳᠠᠪᠤᠷᠢᠵᠢᠭᠤᠯᠤᠭᠰᠠᠨ ᠲᠤᠬᠠᠢ ᠬᠢᠨᠠᠨ ᠪᠠᠶᠢᠴᠠᠭᠠᠵᠠᠢ᠃ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠤᠭᠤᠶᠢᠯᠠᠩ ᠨᠢ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯᠳᠠᠯᠭ᠎ᠠ ᠲᠠᠢ ᠠᠵᠢᠯ ᠤᠨ ᠳᠤᠮᠳᠠ ᠣᠷᠣᠰᠢᠵᠤ ᠪᠠᠶᠢᠭ᠎ᠠ ᠤᠯᠤᠰ ᠲᠦᠷᠦ ᠶᠢᠨ ᠵᠣᠭᠰᠣᠯᠲᠠ ᠥᠨᠳᠥᠷ  ᠪᠤᠰᠤ᠂ ᠦᠵᠡᠯ ᠰᠠᠨᠠᠭ᠎ᠠ ᠲᠠᠨᠢᠯᠲᠠ ᠭᠦᠨᠵᠡᠭᠡᠢ ᠪᠤᠰᠤ᠂ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠦᠭᠡᠢ᠂ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠤᠭᠰᠠᠨ ᠦᠭᠡᠢ ᠵᠡᠷᠭᠡ ᠠᠰᠠᠭᠤᠳᠠᠯ ᠢ ᠨᠠᠷᠢᠨ ᠬᠢᠨᠠᠮᠠᠭᠠᠢ ᠡᠷᠢᠵᠦ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠪᠠ ᠣᠷᠣᠰᠢᠵᠤ ᠪᠠᠶᠢᠭ᠎ᠠ ᠪᠠᠭᠤᠷᠠᠢ ᠭᠤᠭᠴᠤᠭ᠎ᠠ ᠶᠢ ᠲᠤᠬᠠᠢ ᠶᠢᠨ ᠭᠠᠵᠠᠷ ᠲᠤᠨᠢ ᠬᠠᠷᠢᠭᠤ ᠲᠤᠰᠬᠠᠬᠤ ᠪᠠ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠳᠤ ᠲᠤᠰᠢᠶᠠᠨ ᠥᠭᠴᠦ ᠬᠦᠢᠴᠡᠳᠭᠡᠯᠬᠡᠬᠦ ᠶᠢᠨ ᠬᠠᠮᠳᠤ ᠴᠡᠭᠴᠡᠯᠡᠨ ᠰᠠᠶᠢᠵᠢᠷᠠᠭᠤᠯᠬᠤ ᠰᠠᠨᠠᠯ ᠰᠠᠨᠠᠭᠤᠯᠭ᠎ᠠ ᠳᠤᠷᠠᠳᠴᠤ᠂  ᠪᠦᠬᠦ ᠪᠠᠯᠭᠠᠰᠤᠨ ᠤ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠤᠨ ᠶᠠᠰᠤ ᠴᠢᠨᠠᠷ ᠢ    ᠰᠠᠶᠢᠵᠢᠷᠠᠭᠤᠯᠵᠤ ᠦᠷ᠎ᠡ ᠪᠦᠳᠦᠮᠵᠢ ᠶᠢ ᠲᠡᠭᠡᠭᠰᠢᠯᠡᠬᠦᠯᠦᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号