ᠬᠦᠨᠪᠤᠯᠠᠭ ᠰᠤᠮᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠢ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2022/10/20
 10 ᠰᠠᠷ᠎ᠠ ᠶᠢᠨ 18 ᠤ ᠡᠳᠦᠷ᠂ ᠬᠦᠨᠪᠤᠯᠠᠭ ᠰᠤᠮᠤᠨ ᠤ ᠵᠠᠰᠠᠭ ᠤᠨ ᠤᠷᠳᠤᠨ ᠨᠢ ᠰᠤᠮᠤᠨ ᠤ ᠵᠠᠬ᠎ᠠ ᠳᠡᠯᠭᠡᠭᠦᠷ ᠬᠢᠨᠠᠨ ᠬᠠᠮᠢᠶᠠᠷᠬᠤ ᠰᠠᠯᠪᠤᠷᠢ ᠲᠠᠢ ᠬᠤᠯᠪᠤᠭᠠᠯᠠᠵᠤ᠂  ᠲᠤᠰ ᠰᠤᠮᠤᠨ ᠤ ᠬᠠᠷᠢᠶᠠᠨ ᠳᠠᠬᠢ ᠳᠡᠯᠭᠡᠭᠦᠷ ᠬᠤᠳᠠᠯᠳᠤᠭ᠎ᠠ᠂ ᠬᠤᠭᠤᠯᠠᠨ ᠭᠡᠷ᠂ ᠵᠣᠴᠢᠳ ᠤᠨ ᠪᠠᠭᠤᠳᠠᠯ᠂ ᠲᠣᠰᠣ ᠨᠡᠮᠡᠬᠦ ᠥᠷᠲᠡᠭᠡ  ᠂ ᠵᠤᠭ᠎ᠠ  ᠴᠡᠩᠬᠡᠬᠦᠨ ᠤ ᠭᠠᠵᠠᠷ ᠳᠤ ᠬᠦᠨᠵᠡᠬᠡᠶᠢᠷᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠤᠰᠬᠠᠢ ᠪᠠᠶᠢᠴᠠᠭᠠᠯᠲᠠ ᠬᠢᠪᠡ᠃  ᠡᠨᠡ ᠤᠳᠠᠭ᠎ᠠ ᠨᠡᠶᠢᠲᠡ 10 ᠡᠷᠦᠬᠡ ᠡᠵᠡᠩᠨᠡᠯᠲᠡ ᠶᠢᠨ ᠴᠣᠭᠴᠠ ᠶᠢ ᠪᠠᠶᠢᠴᠠᠭᠠᠬᠤ ᠶᠠᠪᠤᠴᠠ ᠳᠠᠭᠠᠨ᠂  ᠨᠢᠭᠡ ᠡᠷᠦᠬᠡ ᠶᠢ ᠵᠢᠯᠣᠭᠤᠳᠤᠨ ︽ᠰᠢᠯᠢ ᠶᠢᠨ ᠡᠷᠡᠭᠦᠯ   ᠤᠨ ᠴᠤᠬᠤᠷ︾   ᠢ ᠪᠠᠭᠤᠯᠭᠠᠨ ᠭᠡᠷᠡᠭᠯᠡᠬᠦᠯᠵᠦ᠂  3 ᠠᠰᠠᠭᠤᠳᠠᠯ ᠲᠠᠢ  ᠡᠷᠦᠬᠡ ᠳᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠠᠯᠪᠢᠭᠰᠠᠨ ᠤ ᠬᠠᠮᠳᠤ  ᠂ ᠠᠷᠢᠭᠤᠳᠬᠠᠯ ᠬᠢᠭᠰᠡᠨ ᠲᠡᠮᠳᠡᠭᠯᠡᠯ ᠤᠨ ᠬᠦᠰᠦᠨᠦᠭᠲᠦ᠂ ᠭᠠᠳᠠᠨ᠎ᠠ ᠠᠴᠠ ᠢᠷᠡᠭᠰᠡᠳ ᠢ ᠲᠠᠩᠰᠠᠯᠠᠬᠤ ᠬᠦᠰᠦᠨᠦᠭᠲᠦ  100 ᠭᠠᠷᠤᠢ ᠬᠤᠪᠢ ᠶᠢ ᠲᠠᠷᠬᠠᠭᠠᠵᠠᠢ᠃  ᠪᠠᠶᠢᠴᠠᠭᠠᠯᠲᠠ ᠶᠢᠨ ᠶᠠᠪᠤᠴᠠ ᠳᠤ᠂  ᠠᠵᠢᠯᠳᠠᠳ ᠠᠴᠠ  ᠡᠵᠡᠩᠨᠡᠭᠴᠢᠳ ᠤᠨ ︽ ᠺᠣᠳ᠋ ᠰᠢᠷᠪᠢᠬᠦ᠂  ᠬᠠᠯᠠᠭᠤᠨ ᠢ ᠬᠡᠮᠵᠢᠬᠦ᠂  ᠠᠰᠠᠭᠤᠨ ᠯᠠᠪᠯᠠᠬᠤ᠂ ᠦᠨᠡᠨ ᠮᠥᠨ ᠢᠶᠠᠷ ᠳᠠᠩᠰᠠᠯᠠᠬᠤ᠂ ᠴᠠᠭ ᠲᠤᠬᠠᠢ ᠳᠤᠨᠢ ᠬᠠᠷᠢᠭᠤ ᠲᠤᠰᠬᠠᠬᠤ︾ ᠵᠡᠷᠭᠡ ᠠᠵᠢᠯ ᠢ  ᠨᠢᠮᠪᠠᠢ ᠨᠠᠶᠢᠳᠠᠪᠤᠷᠢᠵᠢᠭᠤᠯᠵᠤ᠂  ᠪᠠᠭᠤᠷᠠᠢ ᠭᠤᠭᠴᠤᠭ᠎ᠠ ᠪᠠᠨ ᠬᠦᠴᠦᠷᠭᠡᠭᠵᠢᠬᠦᠯᠦᠨ᠂ ᠤᠰᠤᠯ ᠠᠯᠳᠠᠰᠢ ᠶᠢ ᠰᠡᠷᠭᠡᠶᠢᠯᠡᠵᠦ᠂  ᠵᠦᠷᠢᠶ᠎ᠡ ᠳᠤᠲᠠᠭᠤᠳᠠᠯ ᠢᠶᠠᠨ ᠨᠦᠬᠦᠪᠦᠷᠢᠯᠡᠨ᠂ ᠬᠢᠵᠢᠭ  ᠤᠨ ᠲᠦᠭᠰᠢᠭᠦᠷᠢ ᠶᠢ ᠰᠡᠷᠭᠡᠶᠢᠯᠡᠨ ᠬᠤᠷᠢᠭᠯᠠᠬᠤ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃  ᠡᠨᠡ ᠤᠳᠠᠭᠠᠨ ᠤ ᠬᠠᠮᠳᠤᠷᠠᠭᠰᠠᠨ ᠪᠠᠶᠢᠴᠠᠭᠠᠯᠳᠠ ᠪᠠᠷ ᠲᠠᠮᠵᠢᠭᠠᠳ ᠬᠢᠵᠢᠭ ᠰᠡᠷᠭᠡᠶᠢᠯᠡᠬᠦ ᠠᠷᠭ᠎ᠠ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ  ᠨᠢᠬᠡ ᠤᠳᠠᠭᠠᠨ ᠤ ᠨᠠᠷᠢᠨ ᠪᠠᠶᠢᠴᠠᠭᠠᠯᠳᠠ ᠬᠢᠭᠰᠡᠨ   ᠢᠶᠠᠷ ᠪᠠᠷᠠᠬᠤ ᠦᠬᠡᠢ  ᠬᠢᠵᠢᠭ ᠰᠡᠷᠭᠡᠶᠢᠯᠡᠬᠦ ᠮᠡᠳᠡᠯᠭᠡ  ᠶᠢ ᠦᠷᠭᠡᠨ ᠤᠯᠠᠨ ᠡᠵᠡᠩᠨᠡᠭᠴᠢᠳ  ᠳᠤ ᠤᠬᠠᠭᠤᠯᠤᠨ ᠲᠠᠶᠢᠯᠪᠤᠷᠢᠯᠠᠵᠤ᠂   ᠪᠥᠬᠦ ᠰᠤᠮᠤᠨ ᠤ  ᠬᠢᠵᠢᠭ  ᠰᠡᠷᠭᠡᠶᠢᠯᠡᠯᠳᠡ ᠶᠢᠨ ᠬᠠᠯᠬᠠᠪᠴᠢ ᠶᠢ  ᠤᠯᠠᠮ ᠨᠢᠬᠡ ᠠᠯᠬᠤᠮ ᠪᠠᠬᠢᠵᠢᠬᠦᠯᠦᠭᠰᠡᠨ ᠪᠠᠶᠢᠨ᠎ᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号