10 ᠰᠠᠷ᠎ᠠ ᠶᠢᠨ 19 ᠤ ᠡᠳᠦᠷ ᠠᠴᠠ 20 ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ ᠬᠤᠷᠢᠶᠠᠨ ᠤ | ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠰᠢᠶᠣᠣ ᠵᠢᠶᠦ᠋ᠨ ᠲᠠᠶᠢᠹᠤᠰᠧ ᠬᠤᠰᠢᠭᠤᠨ ᠳᠤ | ᠭᠦᠨᠵᠡᠭᠡᠶᠢᠷᠡᠵᠦ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ︽ᠰᠢᠯᠢ ᠶᠢᠨ ᠭᠤᠣᠯ ᠠᠶᠢᠮᠠᠭ ᠤᠨ ᠪᠥᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ | ᠪᠠᠶᠢᠭᠤᠯᠬᠤ ᠬᠡᠷᠡᠭᠵᠢᠭᠦᠯᠬᠦ ᠲᠦᠰᠦᠪ︾ ᠢ ᠰᠤᠷᠤᠯᠴᠠᠨ ᠣᠶᠢᠯᠠᠭᠠᠭᠰᠠᠨ ᠪᠠᠶᠢᠳᠠᠯ ᠵᠡᠷᠭᠡ ᠲᠠᠯ᠎ᠠ ᠪᠠᠷ ᠲᠤᠰᠬᠠᠢ | ᠪᠠᠶᠢᠴᠠᠭᠠᠯᠲᠠ ᠬᠢᠵᠡᠢ᠃ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠪᠥᠬᠦ ᠠᠶᠢᠮᠠᠭ ᠤᠨ | ᠦᠨᠳᠦᠰᠦᠲᠡᠨ ᠤ ᠠᠵᠢᠯ ᠤᠨ ᠲᠤᠰᠬᠠᠢ ᠪᠠᠶᠢᠴᠠᠭᠠᠯᠳᠠ ᠶᠢᠨ ᠨᠢᠭᠡᠳᠦᠭᠡᠷ ᠬᠢᠨᠠᠨ ᠵᠢᠯᠤᠭᠤᠳᠬᠤ ᠳᠤᠭᠤᠶᠢᠯᠠᠩ ᠤᠨ | ᠠᠭᠤᠯᠵᠠᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠦᠬᠦ ᠬᠤᠰᠢᠭᠤᠨ ᠤ ᠦᠨᠳᠦᠰᠦᠲᠡᠨ ᠤ ᠠᠵᠢᠯ ᠤᠨ | ᠪᠠᠶᠢᠳᠠᠯ ᠢ ᠬᠠᠷᠢᠭᠤ ᠮᠡᠳᠡᠬᠦᠯᠦᠭᠰᠡᠨ ᠤ ᠬᠠᠮᠲᠤ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠵᠤᠤ ᠹᠸᠢ ᠫᠧᠩ᠂ | ᠡᠨᠡ ᠤᠳᠠᠭᠠᠨ ᠤ ᠲᠤᠰᠬᠠᠢ ᠪᠠᠶᠢᠴᠠᠭᠠᠯᠲᠠ ᠪᠠᠷ ᠠᠵᠠ ᠲᠣᠬᠢᠶᠠᠯ ᠪᠤᠯᠭᠠᠨ᠂ ᠦᠨᠳᠦᠰᠦᠲᠡᠨ ᠤ ᠠᠵᠢᠯ ᠢ ᠰᠠᠶᠢᠲᠤᠷ | ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ ᠡᠨᠡ ᠬᠦ ᠭᠤᠣᠯ ᠰᠢᠵᠢᠮ ᠢ ᠴᠢᠩᠭ᠎ᠠ ᠠᠳᠬᠤᠨ᠂ ᠪᠥᠬᠦ ᠬᠤᠰᠢᠭᠤᠨ ᠤ | ᠦᠨᠳᠦᠰᠦᠲᠡᠨ ᠤ ᠠᠵᠢᠯ ᠤᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ | ᠪᠠᠶᠢᠴᠠᠭᠠᠯᠲᠠ ᠪᠠᠷ ᠲᠤᠰᠬᠠᠭᠰᠠᠨ ᠰᠠᠨᠠᠯ ᠰᠠᠨᠠᠭᠤᠯᠭ᠎ᠠ ᠯᠤᠭ᠎ᠠ ᠬᠠᠷᠢᠴᠠᠭᠤᠯᠤᠨ ᠳᠤᠲᠠᠭᠤᠳᠠᠯ ᠢᠶᠠᠨ | ᠨᠥᠬᠦᠪᠦᠷᠢᠯᠡᠵᠦ᠂ ᠲᠠᠶᠢᠹᠤᠰᠧ ᠬᠤᠰᠢᠭᠤᠨ ᠤ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠲᠠᠰᠤᠷᠠᠯᠲᠠ ᠦᠭᠡᠢ ᠠᠬᠢᠭᠤᠯᠤᠨ᠎ᠠ ᠭᠡᠵᠦ ᠢᠯᠡᠷᠭᠡᠶᠢᠯᠡᠭᠰᠡᠨ ᠪᠠᠶᠢᠨ᠎ᠠ᠃ ᠵᠠᠩ ᠰᠢᠶᠣᠣ ᠵᠢᠶᠦ᠋ᠨ ᠲᠠᠶᠢᠹᠤᠰᠧ | ᠬᠤᠰᠢᠭᠤᠨ ᠤ ᠦᠨᠳᠦᠰᠦᠲᠡᠨ ᠤ ᠠᠵᠢᠯ ᠢ ᠭᠦᠢᠴᠡᠳ ᠨᠤᠳᠠᠯᠠᠭᠰᠠᠨ ᠪᠦᠭᠡᠳ ᠪᠠᠶᠢᠯᠳᠤᠬᠤ ᠪᠣᠳᠣᠯᠭ᠎ᠠ ᠶᠢᠨ ᠪᠠᠶᠢᠷᠢ | ᠲᠣᠭᠲᠠᠭᠠᠯᠲᠠ ᠶᠢ ᠡᠵᠡᠮᠳᠡᠨ᠂ ᠦᠨᠳᠦᠰᠦᠲᠡᠨ ᠤ ᠠᠵᠢᠯ ᠢ ᠰᠠᠶᠢᠨ ᠬᠢᠬᠦ ᠬᠠᠷᠢᠭᠤᠴᠠᠯᠭᠠᠲᠤ ᠰᠡᠳᠬᠢᠯᠭᠡ ᠪᠠ ᠪᠠᠴᠢᠮ | ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ | ᠲᠣᠭᠲᠠᠭᠠᠬᠤ︾ ᠶᠢ ᠬᠠᠮᠠᠭᠠᠯᠠᠨ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ᠃ ᠨᠠᠮ ᠤᠨ | ᠦᠨᠳᠦᠰᠦᠲᠡᠨ ᠤ ᠠᠵᠢᠯ ᠳᠠᠬᠢ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ ᠲᠡᠭᠦᠯᠳᠡᠷᠵᠢᠭᠦᠯᠬᠦ ᠵᠡᠷᠭᠡ | ᠭᠤᠣᠯᠳᠠᠯᠭ᠎ᠠ ᠲᠠᠢ ᠠᠭᠤᠯᠭ᠎ᠠ ᠶᠢᠨ ᠲᠣᠭᠤᠷᠢᠨ ᠳᠤ ᠵᠤᠷᠪᠤᠰ ᠳᠠᠷᠠᠭᠠᠯᠠᠨ ᠪᠠᠶᠢᠴᠠᠭᠠᠯᠲᠠ ᠬᠢᠵᠦ᠂ ᠠᠰᠠᠭᠤᠳᠠᠯ ᠢ | ᠣᠨᠣᠪᠴᠢᠲᠠᠶ ᠡᠷᠢᠵᠦ ᠭᠠᠷᠭᠠᠨ᠂ ᠱᠠᠭᠠᠷᠳᠠᠨ ᠪᠠᠶᠢᠴᠠᠭᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ | ᠦᠨᠡᠨ ᠬᠦ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠪᠠᠨ ᠪᠠᠲᠤᠳᠬᠠᠵᠤ᠂ ᠨᠢᠭᠲᠠ ᠬᠠᠮᠵᠢᠯᠴᠠᠨ ᠂ | ᠦᠨᠳᠦᠰᠦᠲᠡᠨ ᠤ ᠠᠵᠢᠯ ᠢ ᠰᠠᠶᠢᠨ ᠬᠢᠬᠦ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠪᠥᠬᠦ ᠬᠤᠰᠢᠭᠤᠨ ᠤ | ᠦᠨᠳᠦᠰᠦᠲᠡᠨ ᠤ ᠠᠵᠢᠯ ᠪᠠ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠡᠯ᠎ᠡ ᠲᠦᠷᠦᠯ ᠤᠨ ᠡᠭᠦᠷᠭᠡ ᠬᠠᠷᠠᠯᠲᠠ ᠶᠢ ᠪᠣᠳᠠᠲᠠᠶᠢᠵᠢᠭᠤᠯᠤᠨ | ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠷᠠᠯ ᠤᠨ | ᠳᠠᠷᠠᠭ᠎ᠠ᠂ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠮᠣᠩᠭᠤᠯ ᠰᠤᠷᠭᠠᠭᠤᠯᠢ᠂ | ᠪᠤᠤᠴᠠᠩ ᠪᠠᠯᠭᠠᠰᠤᠨ ᠤ ᠺᠠᠲ᠋ᠣᠯᠢᠭ ᠱᠠᠰᠢᠨ ᠤ ᠳᠤᠭᠠᠩ᠂ ᠨᠤᠭᠤ ᠭᠠᠵᠠᠷ ᠤᠨ ᠴᠡᠴᠡᠷᠯᠢᠭ᠂ ᠨᠠᠨ ᠵᠢᠶᠤᠤ ᠨᠡᠶᠢᠭᠡᠮ | ᠲᠣᠭᠤᠷᠢᠭ᠂ ᠬᠦᠨᠪᠤᠯᠠᠭ ᠰᠤᠮᠤᠨ ᠳᠤ ᠬᠦᠨᠵᠡᠬᠡᠶᠢᠷᠡᠵᠦ᠂ ᠶᠠᠷᠢᠯᠴᠠᠨ ᠰᠣᠯᠢᠯᠴᠠᠬᠤ᠂ ᠲᠠᠩᠰᠠ ᠡᠪᠬᠡᠮᠡᠯ ᠢ | ᠪᠠᠶᠢᠴᠠᠭᠠᠨ ᠦᠵᠡᠬᠦ ᠵᠡᠷᠭᠡ ᠬᠡᠯᠪᠡᠷᠢ ᠪᠠᠷ ᠪᠥᠬᠦ ᠬᠤᠰᠢᠭᠤᠨ ᠤ ᠦᠨᠳᠦᠰᠦᠲᠡᠨ ᠤ ᠠᠵᠢᠯ ᠢ ᠱᠠᠭᠠᠷᠳᠠᠨ | ᠪᠠᠶᠢᠴᠠᠭᠠᠵᠤ ᠬᠢᠨᠠᠨ ᠵᠢᠯᠤᠭᠤᠳᠤᠭᠰᠠᠨ ᠤ ᠬᠠᠮᠳᠤ᠂ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠪᠠ | ᠦᠨᠳᠦᠰᠦᠲᠡᠨ ᠤ ᠬᠠᠤᠯᠢ ᠴᠠᠭᠠᠵᠠ ᠲᠦᠷᠢᠮ ᠲᠣᠭᠲᠠᠭᠠᠯ ᠤᠨ ᠲᠤᠬᠠᠢ ᠣᠨᠣᠯ ᠤᠨ ᠰᠢᠯᠭᠠᠯᠲᠠ ᠬᠢᠭᠰᠡᠨ ᠪᠠᠶᠢᠨ᠎ᠠ᠃ | |